ᠥᠪᠥᠷ ᠮᠣᠩᠭᠤᠯ ᠤᠨ ᠡᠳᠦᠷ ᠤᠨ ᠰᠣᠨᠢᠨ ᠤ 1 ᠰᠠᠷ᠎ᠠ ᠶᠢᠨ 24 ᠤ ᠡᠳᠦᠷ ᠤᠨ ᠮᠡᠳᠡᠭᠡ ︵ᠰᠤᠷᠪᠤᠯᠵᠢᠯᠠᠭᠴᠢ ᠬᠠᠨ ᠰᠢᠦᠧᠠᠢ ᠷᠤ᠋︶ | ᠰᠤᠷᠪᠤᠯᠵᠢᠯᠠᠭᠴᠢ 1 ᠰᠠᠷ᠎ᠠ ᠶᠢᠨ 22 ᠤᠨ ᠡᠳᠦᠷ ᠬᠤᠷᠠᠯᠳᠤᠭᠤᠯᠤᠭᠰᠠᠨ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶᠠᠨ ᠤ ᠳᠠᠷᠤᠭ᠎ᠠ | ᠨᠠᠷ ᠤᠨ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ 2020 ᠣᠨ ᠳᠤ ᠳᠠᠬᠢᠨᠲᠠ ᠡᠯᠪᠡᠭ | ᠬᠤᠷᠢᠶᠠᠯᠲᠠ ᠣᠯᠵᠤ᠂ ᠮᠢᠬᠠᠨ ᠤ ᠭᠠᠷᠤᠯᠲᠠ ᠲᠣᠭᠲᠠᠭᠤᠨ ᠤ ᠲᠤᠮᠳᠠ ᠠᠬᠢᠯᠲᠠ ᠲᠠᠢ ᠪᠣᠯᠵᠣ᠂ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 8.4% ᠪᠠᠷ ᠨᠡᠮᠡᠭᠳᠡᠵᠦ᠂ ︽ᠬᠤᠶᠠᠷ ᠢ ᠥᠨᠳᠥᠷ ᠪᠠᠶᠢᠯᠭᠠᠬᠤ︾ ᠶᠢ | ᠦᠷᠭᠦᠯᠵᠢᠯᠡᠨ ᠪᠠᠲᠤᠯᠠᠪᠠ᠃ ᠠᠮᠤ ᠪᠤᠳᠠᠭᠠᠨ ᠤ ᠦᠢᠯᠡᠳᠪᠦᠷᠢᠯᠡᠯ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠬᠯᠠᠬᠤ᠂ ᠠᠮᠤ | ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠶᠢ ᠲᠣᠭᠲᠠᠭᠤᠨ ᠢᠶᠠᠷ ᠬᠥᠭᠵᠢᠭᠦᠯᠵᠦ᠂ ᠵᠢᠭᠠᠰᠤᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠴᠢᠩᠭᠠᠳᠬᠠᠨ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ 5 ᠵᠦᠢᠯ ᠤᠨ ᠠᠵᠢᠯ ᠤᠨ ᠠᠮᠵᠢᠯᠲᠠ ᠪᠦᠲᠦᠮᠵᠢ | ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ | ᠣᠶᠢᠯᠠᠭᠠᠭᠰᠠᠨ ᠢᠶᠠᠷ᠂ ᠮᠠᠨ ᠤ ᠣᠷᠣᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠢᠳᠤᠨᠤᠨ ᠪᠥᠬᠦ | ᠣᠷᠣᠨ ᠤ ᠠᠮᠤ ᠪᠤᠳᠠᠭ᠎ᠠ ᠳᠠᠷᠢᠬᠰᠠᠠ ᠲᠠᠯᠠᠪᠠᠶ 1.03 ᠳ᠋ᠦᠩᠰᠢᠭᠤᠷ ᠮᠥ ᠳᠤ ᠬᠦᠷᠴᠦ᠂ ᠠᠮᠤ ᠪᠤᠳᠠᠭᠠᠨ ᠤ ᠤᠨᠠᠯᠲᠠ 732.8 ᠳ᠋ᠦᠩᠰᠢᠭᠤᠷ ᠵᠢᠩ ᠳᠤ | ᠬᠦᠷᠴᠦ᠂ ᠠᠷᠪᠠᠨ ᠲᠤᠯᠤᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠤᠭᠰᠠᠨ ᠪᠠᠶᠢᠨ᠎ᠠ᠃ 356 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠰᠢᠨ᠎ᠡ ᠪᠠᠷ ᠪᠠᠶᠢᠭᠤᠯᠵᠤ᠂ 12.2 ᠲᠦᠮᠡᠨ ᠮᠤ᠋ ᠬᠤᠵᠢᠷᠯᠢᠭ ᠭᠠᠵᠠᠷ ᠢ ᠰᠠᠶᠢᠵᠢᠷᠠᠭᠤᠯᠬᠤ ᠲᠤᠷᠰᠢᠯᠲᠠ ᠶᠢᠨ ᠴᠢᠬ ᠤᠨ ᠰᠠᠭᠤᠷᠢ ᠪᠦᠲᠦᠭᠡᠨ ᠪᠠᠶᠢᠭᠤᠯᠤᠯᠲᠠ ᠶᠢ | ᠦᠨᠳᠦᠰᠦᠨ ᠳᠡᠭᠡᠨ ᠳᠠᠭᠤᠰᠬᠠᠵᠤ᠂ 110 ᠲᠦᠮᠡᠨ ᠮᠤ᠋ ᠬᠠᠷ᠎ᠠ ᠬᠥᠷᠥᠰᠥ ᠶᠢ ᠬᠠᠮᠠᠭᠠᠯᠠᠠ ᠠᠰᠢᠬᠯᠠᠵᠤ᠂ 759 ᠲᠦᠮᠡᠨ ᠮᠤ᠋ ᠭᠠᠵᠠᠷ ᠲᠤ ᠬᠠᠮᠠᠭᠠᠯᠠᠯᠲᠠ ᠶᠢᠨ | ᠴᠢᠨᠠᠷᠲᠠᠢ ᠲᠠᠷᠢᠶᠠᠯᠠᠬᠤ ᠶᠢ ᠪᠡᠶᠡᠯᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠦᠲᠦᠮᠵᠢᠲᠡᠢ ᠪᠠᠲᠤᠳᠬᠠᠪᠠ᠃ ᠢᠳᠡᠰᠢᠨ ᠨᠣᠭᠤᠭ᠎ᠠ | ᠳᠠᠷᠢᠬᠰᠠᠠ ᠲᠠᠯᠠᠪᠠᠶ 366.2 ᠲᠦᠮᠡᠨ ᠮᠥ ᠳᠤ ᠬᠦᠷᠴᠦ᠂ ᠤᠨᠠᠯᠲᠠ ᠨᠢ 1522 ᠲᠦᠮᠡᠨ ᠲᠣᠨ ᠳᠤ ᠬᠦᠷᠴᠦ᠂ ᠢᠳᠡᠰᠢᠨ ᠨᠣᠭᠤᠭ᠎ᠠ ᠶᠢᠨ ᠥᠪᠡᠷ ᠢ ᠪᠠᠨ | ᠬᠠᠩᠭᠠᠬᠤ ᠴᠢᠳᠠᠪᠤᠷᠢ ᠪᠦᠲᠦᠮᠵᠢᠲᠡᠶ ᠳᠡᠭᠡᠭᠰᠢᠯᠡᠪᠡ᠃ | ᠡᠭᠦᠨ ᠤ ᠬᠠᠮᠲᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ᠠᠮᠢᠳᠤ ᠭᠠᠭ᠋ᠠᠶ ᠶᠢᠨ ᠦᠢᠯᠡᠳᠪᠦᠷᠢᠯᠡᠯ ᠢ ᠰᠡᠷᠭᠦᠭᠡᠬᠦ ᠶᠢ ᠪᠣᠳᠠᠲᠠᠶ | ᠠᠳᠬᠤᠵᠤ᠂ ᠮᠠᠯ ᠠᠵᠤ ᠠᠬᠤᠶ ᠲᠣᠭᠲᠠᠭᠤᠨ ᠤ ᠳᠤᠮᠳᠠ ᠠᠬᠢᠯᠲᠠ ᠲᠠᠢ ᠪᠣᠯᠪᠠ᠃ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 260.7 | ᠲᠦᠮᠡᠨ ᠲᠣᠨ ᠳᠤ ᠬᠦᠷᠴᠦ᠂ ᠦᠨᠢᠶᠡᠨ ᠰᠦ ᠶᠢᠨ ᠭᠠᠷᠤᠯᠲᠠ 611.5 ᠲᠦᠮᠡᠨ ᠲᠣᠨ ᠳᠤ ᠬᠦᠷᠴᠦ᠂ ᠠᠷᠪᠠᠨ ᠵᠢᠷᠭᠤᠭᠠᠨ ᠵᠢᠯ ᠳᠠᠷᠠᠭᠠᠯᠠᠨ ᠲᠣᠭᠲᠠᠭᠤᠨ | ᠪᠠᠶᠢᠬᠤ ᠶᠢ ᠪᠡᠶᠡᠯᠡᠭᠦᠯᠪᠡ᠃ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠨᠡᠶᠢᠲᠡᠯᠡᠵᠦ᠂ | ᠡᠳ᠋ ᠤᠨ ᠵᠠᠰᠠᠭ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠶᠢᠰᠦᠨ ᠶᠡᠭᠡ ᠰᠦ ᠶᠢᠨ ᠦᠢᠯᠡᠰ ᠤᠨ ᠪᠦᠯᠦᠭᠯᠡᠯ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠤᠯᠠᠮᠵᠢᠯᠠᠯᠲᠤ ᠴᠠᠭᠠᠨ ᠢᠳᠡᠭᠡ ᠶᠢ ᠡᠳ᠋ᠰᠢᠭᠦᠯᠦᠨ ᠬᠥᠭᠵᠢᠭᠦᠯᠬᠦ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠰᠠᠭᠠᠯᠢ ᠶᠢᠨ | ᠦᠨᠢᠶ᠎ᠡ᠂ ᠦᠨᠢᠶᠡᠨ ᠰᠦ ᠶᠢᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 5.57 % ᠪᠠ 5.94 % ᠪᠠᠷ ᠨᠡᠮᠡᠭᠳᠡᠪᠡ᠃ ᠲᠣᠮᠣ ᠶᠢ ᠨᠢ | ᠠᠳᠬᠤᠵᠤ ᠵᠢᠵᠢᠭ ᠢ ᠨᠢ ᠤᠷᠬᠢᠬᠤ ᠦᠭᠡᠢ ᠪᠠᠶᠢᠬᠤ ᠶᠢ ᠪᠠᠷᠢᠮᠲᠠᠯᠠᠨ᠂ ᠠᠮᠢᠳᠤ ᠭᠠᠭ᠋ᠠᠢ ᠶᠢᠨ ᠠᠵᠤ ᠦᠢᠯᠡᠰ ᠤᠨ ᠪᠠᠢᠷᠢᠰᠢᠭᠤᠯᠤᠯᠳᠠ ᠶᠢ ᠰᠢᠯᠢᠳᠡᠭᠵᠢᠭᠦᠯᠵᠦ᠂ | ᠲᠡᠵᠢᠭᠡᠵᠦ ᠪᠠᠶᠢᠭ᠎ᠠ ᠭᠠᠭ᠋ᠠᠢ ᠶᠢᠨ ᠲᠤᠭ᠎ᠠ 534.1 ᠲᠦᠮᠡ ᠳᠤ ᠬᠦᠷᠪᠡ᠃ | ᠰᠢᠨ᠎ᠡ ᠬᠥᠭᠵᠢᠯᠲᠡ ᠶᠢᠨ ᠱᠠᠲᠤᠨ ᠳᠠᠬᠢ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠡᠮᠬᠢ ᠵᠢᠷᠤᠮ ᠲᠠᠢ | ᠬᠦᠴᠦᠲᠡᠶ ᠠᠬᠢᠭᠤᠯᠬᠤ ᠶᠢᠨ ᠲᠥᠯᠥᠭᠡ᠂ ᠡᠨᠡ ᠵᠢᠯ ᠮᠠᠨ ᠤ ᠣᠷᠣᠨ ᠤ ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠠᠵᠢᠯ ᠳᠤ ᠠᠮᠤ ᠪᠤᠳᠠᠭᠠᠨ ᠤ | ᠡᠯᠪᠡᠭ ᠬᠤᠷᠢᠶᠠᠯᠲᠠ ᠶᠢ ᠪᠥᠬᠦ ᠬᠦᠴᠦᠨ ᠢᠶᠠᠷ ᠢᠶᠠᠨ ᠲᠡᠮᠡᠴᠡᠨ ᠤᠯᠬᠤ᠂ ᠳᠠᠪᠠᠭᠤᠯᠢᠭ ᠤᠨᠴᠠᠯᠢᠬᠳᠤ ᠮᠠᠯ ᠠᠵᠤ ᠠᠬᠤᠶ ᠶᠢ ᠬᠦᠴᠦᠯᠡᠨ ᠬᠥᠭᠵᠢᠭᠦᠯᠬᠦ᠂ | ᠦᠷ᠎ᠡ ᠶᠢᠨ ᠦᠢᠯᠡᠰ ᠢ ᠰᠡᠷᠭᠦᠭᠡᠨ ᠬᠦᠭᠵᠢᠭᠦᠯᠭᠦ ᠲᠠᠶᠢᠯᠠᠯᠳᠤᠭᠠᠨ ᠢ ᠰᠠᠶᠢᠲᠤᠷ ᠬᠢᠬᠦ᠂ ᠲᠠᠷᠢᠶᠠᠨ ᠭᠠᠵᠠᠷ ᠤᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢ | ᠴᠢᠩᠭᠠᠳᠬᠠᠬᠤ ᠵᠡᠷᠭᠡ 10 ᠵᠦᠢᠯ ᠤᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠮᠠᠯ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠵᠤ᠂ ᠮᠠᠨ ᠤ ᠣᠷᠣᠨ ᠤ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠰᠢᠨ᠎ᠡ ᠠᠮᠵᠢᠯᠲᠠ ᠪᠦᠲᠦᠮᠵᠢ ᠪᠠ | ᠰᠢᠨ᠎ᠡ ᠳᠠᠪᠰᠢᠯᠲᠠ ᠲᠠᠢ ᠪᠤᠯᠭᠠᠨ᠎ᠠ᠃ | http://mongol.people.com.cn/15836067.html |