︵ᠰᠤᠷᠪᠤᠯᠵᠢᠯᠠᠭᠴᠢ ᠮᠢᠶᠥᠥ ᠴᠢᠩ︶ ᠣᠶᠢᠷ᠎ᠠ ᠳᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠦᠨᠳᠦᠰᠦᠲᠡᠨ ᠤ ᠮᠦᠽᠧᠢ ᠳᠥᠷᠪᠡᠳᠦᠭᠡᠷ | ᠪᠦᠯᠦᠭ ︽ᠬᠥᠬᠡᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠥᠵᠢᠯ ᠤᠨ ᠰᠠᠭᠤᠷᠢᠨ︾ ᠢᠶᠠᠷ ᠦᠨᠡᠯᠡᠭᠳᠡᠪᠡ᠃ | ᠣᠶᠢᠯᠭᠠᠭᠰᠠᠨ ᠢᠶᠠᠷ᠂ ᠲᠤᠰ ᠮᠦᠽᠧᠢ ᠨᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠤᠶᠢᠲᠤ ᠲᠣᠭᠤᠷᠢᠭ ᠲᠤ ᠪᠠᠶᠢᠷᠢᠯᠠᠵᠤ᠂ 2004 ᠣᠨ ᠤ | 8 ᠳ᠋ᠤᠭᠠᠷ ᠰᠠᠷ᠎ᠠ ᠳᠤ ᠪᠠᠶᠢᠭᠤᠯᠤᠭᠳᠠᠨ ᠲᠥᠯᠥᠪᠦᠷᠢ ᠬᠤᠷᠢᠶᠠᠬᠤ ᠦᠭᠡᠢ ᠪᠠᠷ ᠨᠡᠭᠡᠭᠡᠯᠲᠡ ᠬᠢᠵᠡᠢ᠃ ᠲᠡᠷᠡ ᠨᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ | ︽211 ᠢᠨᠵᠧᠨᠧᠷᠢᠩ︾ ︽ᠳᠤᠮᠳᠠ ᠪᠠᠷᠠᠭᠤᠨ ᠭᠠᠵᠠᠷ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ | ᠳᠡᠭᠡᠭᠰᠢᠯᠡᠭᠦᠯᠬᠦ ᠲᠥᠯᠥᠪᠯᠡᠭᠡ︾ ᠵᠢᠴᠢ ︽ ︿ᠬᠤᠣᠰ ᠲᠡᠷᠢᠭᠦᠨ﹀ ᠤ ᠪᠦᠲᠦᠭᠡᠨ ᠪᠠᠶᠢᠭᠤᠯᠤᠯᠲᠠ︾ ᠶᠢᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ | ᠨᠢᠭᠡᠴᠡ᠂ ᠮᠥᠨᠴᠦ ︽ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠮᠦᠽᠧᠢ ᠶᠢᠨ ᠬᠥᠮᠥᠵᠢᠯ ᠤᠨ ᠬᠤᠯᠪᠣᠭ᠎ᠠ︾ ᠶᠢᠨ ᠭᠡᠰᠢᠭᠦᠨ ᠨᠢᠭᠡᠴᠡ ᠪᠠ | ᠥᠪᠡᠷᠲᠡᠭᠡᠨ ᠵᠠᠰᠠᠬᠤ ᠣᠷᠣᠨ ᠤ ᠲᠡᠰ ᠤᠨ ︽ᠤᠯᠤᠰ ᠢᠶᠠᠨ ᠬᠠᠶᠢᠷᠠᠯᠠᠬᠤ ᠬᠥᠮᠥᠵᠢᠯ ᠤᠨ ᠵᠢᠱᠢᠶ᠎ᠡ ᠦᠵᠡᠭᠦᠯᠬᠦ ᠰᠠᠭᠤᠷᠢᠨ︾ ᠪᠣᠯᠣᠨ᠎ᠠ᠃ | ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠦᠨᠳᠦᠰᠦᠲᠡᠨ ᠤ ᠮᠦᠽᠧᠢ ᠨᠢ ᠮᠣᠩᠭᠤᠯ ᠦᠨᠳᠦᠰᠦᠲᠡᠨ ᠤ ᠰᠢᠯᠢᠳᠡᠭ ᠪᠣᠳᠠᠰ ᠤᠨ ᠰᠣᠶᠣᠯ ᠤᠨ | ᠥᠪ ᠢ ᠬᠠᠳᠠᠭᠠᠯᠠᠵᠤ ᠬᠠᠮᠠᠭᠠᠯᠠᠵᠤ ᠳᠡᠯᠭᠡᠨ ᠦᠵᠡᠭᠦᠯᠵᠦ᠂ ᠰᠤᠷᠭᠠᠭᠤᠯᠢ ᠶᠢᠨ ᠵᠢᠭᠠᠨ ᠰᠤᠷᠭᠠᠯᠲᠠ ᠪᠠ ᠰᠤᠳᠤᠯᠭᠠᠨ ᠳᠤ ᠦᠢᠯᠡᠴᠢᠯᠡᠬᠦ ᠪᠠᠷ ᠵᠣᠷᠢᠯᠭ᠎ᠠ ᠪᠣᠯᠭᠠᠨ᠂ | ᠮᠣᠩᠭᠤᠯ ᠦᠨᠳᠦᠰᠦᠲᠡᠨ ᠤ ᠵᠠᠩ ᠦᠢᠯᠡ ᠶᠢ ᠬᠠᠷᠠᠭᠤᠯᠤᠭᠰᠠᠨ ᠪᠣᠳᠠᠲᠤ ᠶᠠᠭᠤᠮ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠬᠠᠳᠠᠭᠠᠯᠠᠨ ᠳᠡᠯᠭᠡᠨ | ᠦᠵᠡᠭᠦᠯᠬᠦ ᠪᠠᠷ ᠣᠨᠴᠠᠯᠢᠭ ᠪᠣᠯᠭᠠᠵᠠᠢ᠃ ᠣᠳᠣᠬᠠᠨ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯ 6000 ᠭᠠᠷᠤᠢ᠂ ᠳᠡᠯᠭᠡᠨ ᠦᠵᠡᠭᠦᠯᠬᠦ | ᠠᠭᠤᠯᠭ᠎ᠠ ᠳᠤ ᠮᠣᠩᠭᠤᠯ ᠦᠨᠳᠦᠰᠦᠲᠡᠨ ᠤ ᠠᠵᠤ ᠠᠬᠤᠢ᠂ ᠦᠢᠯᠡᠳᠪᠦᠷᠢᠯᠡᠯ᠂ ᠠᠮᠢᠳᠤᠷᠠᠯ᠂ ᠰᠣᠶᠣᠯ ᠢᠷᠭᠡᠨᠰᠢᠯ᠂ ᠤᠷᠠᠯᠢᠭ ᠵᠡᠷᠭᠡ ᠣᠯᠠᠨ ᠲᠠᠯ᠎ᠠ ᠶᠢ | ᠪᠠᠭᠲᠠᠭᠠᠵᠤ᠂ ᠨᠡᠯᠢᠶᠡᠳ ᠥᠨᠳᠥᠷ ᠰᠢᠨᠵᠢᠯᠡᠭᠡ ᠰᠤᠳᠤᠯᠭ᠎ᠠ᠂ ᠵᠢᠭᠠᠨ ᠰᠤᠷᠭᠠᠯᠲᠠ ᠵᠢᠴᠢ ᠤᠷᠠᠯᠢᠭ ᠤᠨ ᠲᠠᠭᠠᠰᠢᠶᠠᠨ ᠰᠣᠨᠢᠷᠬᠠᠬᠤ ᠦᠨ᠎ᠡ ᠥᠷᠲᠡᠭ ᠲᠠᠢ | ᠪᠠᠶᠢᠵᠤ᠂ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠪᠣᠳᠠᠰ ᠤᠨ ᠰᠣᠶᠣᠯ ᠤᠨ ᠥᠪ ᠢ ᠳᠡᠯᠭᠡᠨ ᠦᠵᠡᠭᠦᠯᠬᠦ᠂ ᠬᠠᠮᠠᠭᠠᠯᠠᠬᠤ ᠪᠠ ᠤᠯᠠᠮᠵᠢᠯᠠᠬᠤ ᠳᠤ ᠢᠳᠡᠪᠬᠢ | ᠦᠢᠯᠡᠳᠦᠯ ᠲᠠᠢ ᠶᠤᠮ᠃ |