ᠯᠢ ᠯᠢᠦ ᠰᠢᠶᠣᠤ ᠪᠦᠬᠦ ᠰᠢᠶᠠᠨ ᠤ ᠠᠶᠤᠯᠭᠦᠶ ᠦᠢᠯᠡᠳᠪᠦᠷᠢᠯᠡᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/27
     2021 ᠣᠨ ᠤ 1 ᠳ᠋ᠦ᠋ᠭᠡᠷ ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢ ᠯᠢᠦ ᠰᠢᠶᠣᠤ ᠪᠥᠬᠦ ᠰᠢᠶᠠᠨ ᠤ ᠠᠶᠤᠯᠭᠦᠶ ᠦᠢᠯᠡᠳᠪᠦᠷᠢᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ ᠤᠨ ᠠᠶᠤᠯᠭᠦᠶ ᠦᠢᠯᠡᠳᠪᠦᠷᠢᠯᠡᠯ ᠤᠨ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠬᠤᠲᠠ ᠶᠢᠨ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠰᠢᠶᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠯᠢ ᠯᠢᠦ ᠰᠢᠶᠣᠤ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠢᠶᠠᠷ ᠢᠶᠠᠨ ᠴᠠᠭ ᠢᠮᠠᠭᠲᠠ ᠠᠶᠤᠯᠭᠦᠶ ᠦᠢᠯᠡᠳᠪᠦᠷᠢᠯᠡᠯ ᠤᠨ ᠬᠥᠪᠴᠢ ᠪᠠᠨ ᠴᠢᠩᠭᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠶᠣᠯᠭᠦᠢ ᠬᠥᠭᠵᠢᠯᠲᠡ ᠶᠢᠨ ᠲᠤᠬᠠᠶ ᠴᠢᠬᠤᠯᠠ ᠥᠭᠦᠯᠡᠯᠲᠡ ᠪᠠ ᠠᠶᠣᠯᠭᠦᠢ ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠣᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠣᠯᠭᠦᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠶᠣᠰᠣ ᠳᠦᠷᠢᠮ ᠤᠨ ᠤᠬᠠᠮᠰᠠᠷ ᠢ ᠪᠣᠶ ᠪᠣᠯᠭᠠᠬᠤ᠂ ᠠᠵᠢᠯ ᠲᠥᠷᠥᠯ ᠪᠣᠯᠤᠨ ᠬᠠᠷᠢᠶ᠎ᠠ ᠭᠠᠵᠠᠷ ᠢᠶᠠᠷ ᠨᠢ ᠠᠶᠣᠯᠭᠦᠢ ᠦᠢᠯᠡᠳᠪᠦᠷᠢᠯᠡᠯ ᠳᠤ ᠳᠠᠬᠢᠨ ᠠᠵᠢᠯ ᠤᠨ ᠬᠤᠪᠢᠶᠠᠷᠢᠯᠠᠯ ᠬᠢᠵᠦ ᠳᠠᠬᠢᠨ ᠨᠠᠷᠢᠯᠢᠭᠵᠢᠭᠤᠯᠵᠤ᠂ ᠴᠠᠭᠠᠨ ᠰᠠᠷ᠎ᠠ ᠶᠢᠨ ᠪᠠᠶᠠᠷ᠂ ᠥᠪᠡᠷᠲᠡᠭᠡᠨ ᠵᠠᠰᠠᠬᠤ ᠣᠷᠣᠨ ᠪᠣᠯᠤᠨ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠦᠨᠡᠨᠬᠦ ᠰᠠᠶᠢᠲᠣᠷ ᠬᠢᠵᠦ᠂ ᠡᠯ᠎ᠡ ᠲᠥᠷᠥᠯ ᠤᠨ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠬᠡᠷᠡᠭᠲᠡᠢ ᠭᠡᠪᠡ᠃      ᠯᠢ ᠯᠢᠦ ᠰᠢᠶᠤᠤ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠪᠠ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠᠷ ᠠᠶᠣᠯᠭᠦᠢ ᠦᠢᠯᠡᠳᠪᠦᠷᠢᠯᠡᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠠᠶᠣᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤᠷ ᠲᠦᠪᠰᠢᠨ ᠤ ᠰᠠᠭᠤᠷᠢ ᠪᠠᠲᠤ ᠪᠠᠬᠢ ᠪᠢᠰᠢ ᠪᠣᠯ ᠬᠥᠭᠵᠢᠯᠲᠡ ᠶᠢᠨ ᠲᠣᠮᠣ ᠠᠰᠠᠷ ᠳᠠᠷᠤᠶ ᠭᠤᠶᠢᠪᠢᠯᠵᠠᠬᠤ ᠪᠣᠯᠤᠨ᠎ᠠ ᠭᠡᠳᠡᠭ ᠢ ᠭᠦᠢᠴᠡᠳ ᠲᠠᠨᠢᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ︽ᠥᠴᠦᠬᠡᠨ ᠴᠦ ᠠᠯᠳᠠᠰᠢ ᠭᠠᠷᠭᠠᠬᠤ ᠥᠬᠡᠶ︾ ᠪᠠᠶᠢᠬᠤ ᠶᠢ ᠰᠡᠷᠭᠡᠶᠢᠯᠡᠨ᠂ ︽ᠤᠷᠢᠳ ᠢᠶᠠᠷ ᠠᠮᠤᠷ ᠲᠦᠪᠰᠢᠨ ᠪᠠᠶᠢᠵᠤ ᠳᠠᠬᠢᠨ ᠦᠢᠯᠡᠳᠪᠦᠷᠢᠯᠡᠨ᠂ ᠠᠮᠤᠷ ᠲᠦᠪᠰᠢᠨ ᠪᠢᠰᠢ ᠪᠣᠯ ᠦᠢᠯᠡᠳᠪᠦᠷᠢᠯᠡᠯ ᠬᠢᠬᠦ ᠥᠬᠡᠶ︾ ᠪᠠᠶᠢᠬᠤ ᠶᠢ ᠡᠷᠡᠰ ᠪᠡᠶᠡᠯᠡᠭᠦᠯᠬᠦ ᠬᠡᠷᠡᠭᠲᠡᠶ᠃ ᠡᠯ᠎ᠡ ᠱᠠᠲᠤᠨ ᠤ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠣᠶᠢᠯᠠᠭᠠᠵᠤ᠂ ᠡᠯ᠎ᠡ ᠵᠦᠢᠯ ᠤᠨ ᠱᠠᠭᠠᠷᠳᠠᠯᠭ᠎ᠠ ᠪᠠ ᠲᠣᠭᠲᠠᠭᠠᠯ ᠲᠠᠢ ᠴᠢᠩᠭ᠎ᠠ ᠬᠠᠷᠭᠤᠭᠤᠯᠤᠨ ᠬᠡᠷᠡᠭᠵᠢᠭᠦᠯᠵᠦ᠂ ᠲᠣᠰ ᠪᠡᠶ᠎ᠡ ᠶᠢᠨ ᠴᠢᠳᠠᠪᠤᠷᠢ ᠪᠠ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠮᠡᠳᠡᠭᠡ ᠵᠠᠩᠭᠢ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠦᠨᠡᠨ ᠬᠦ ᠬᠠᠮᠢᠶᠠᠷᠤᠨ ᠡᠵᠡᠮᠳᠡᠵᠦ᠂ ᠬᠤᠸᠠᠷ ᠫᠤᠤᠵᠢᠩ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠭᠤᠯᠭ᠎ᠠ ᠶᠢ ᠴᠢᠭᠯᠡᠭᠦᠯᠦᠯᠲᠦ ᠴᠢᠨᠠᠷᠲᠠᠶ ᠪᠠᠷ ᠲᠠᠰᠤᠯᠳᠠᠭᠤᠯᠤᠯ ᠥᠬᠡᠶ᠂ ᠭᠤᠣᠯᠳᠠᠯᠭ᠎ᠠ ᠲᠠᠢ ᠪᠠᠷ ᠤᠬᠠᠭᠤᠯᠵᠤ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠵᠥᠪ ᠡᠵᠡᠮᠳᠡᠨ᠂ ᠮᠡᠳᠡᠭᠡ ᠵᠠᠩᠭᠢ ᠶᠢᠨ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠢᠯᠡᠷᠡᠭᠦᠯᠦᠭᠰᠡᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠠᠴᠠ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢ ᠢᠮᠠᠭᠲᠠ ᠮᠥᠷᠥᠨ ᠳᠡᠭᠡᠨ ᠡᠭᠦᠷᠭᠡᠯᠡᠵᠦ᠂ ᠭᠠᠷ ᠲᠠᠭᠠᠨ ᠠᠳᠬᠤᠵᠤ᠂ ᠪᠣᠳᠠᠲᠠᠶ ᠳᠤ ᠨᠠᠶᠢᠳᠠᠪᠤᠷᠢᠵᠢᠭᠤᠯᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶ᠋ᠯ ᠤᠨ ᠠᠷᠭ᠎ᠠ ᠬᠡᠮᠵᠢᠶ᠎ᠡ ᠶᠢ ᠴᠢᠩᠭ᠎ᠠ ᠠᠳᠬᠤᠵᠤ ᠪᠣᠳᠠᠲᠠᠶ ᠠᠳᠬᠤᠵᠤ ᠨᠠᠷᠢᠯᠢᠭ ᠠᠳᠬᠤᠵᠤ᠂ ᠬᠢᠵᠢᠭ ᠤᠨ ᠪᠠᠶᠢᠳᠠᠯ ᠳᠠᠬᠢᠨ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ︔ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠡᠴᠦᠰ ᠲᠤᠨᠢ ᠲᠤᠯᠲᠠᠯ᠎ᠠ ᠠᠳᠬᠤᠵᠤ᠂ ︽ᠪᠠᠶᠢᠯᠳᠤᠭᠠᠨ︾ ᠢ ᠵᠢᠯᠣᠭᠤᠳᠴᠤ ᠴᠢᠳᠠᠬᠤ ᠪᠠᠭ ᠤᠨ ᠡᠩᠨᠡᠭᠡ ᠶᠢ ᠪᠠᠶᠢᠭᠤᠯᠵᠤ᠂ ᠪᠥᠬᠦ ᠰᠢᠶᠠᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃      ᠬᠤᠷᠠᠯ ᠳᠡᠭᠡᠷ᠎ᠡ᠂ ᠰᠢᠶᠠᠨ ᠤ ᠤᠳᠤᠷᠢᠳᠤᠯᠭ᠎ᠠ ᠵᠠᠩ ᠯᠢᠨ ᠯᠢᠨ᠂ ᠵᠠᠩ ᠵᠢᠶᠠᠨ ᠴᠢᠩ᠂ ᠾᠧ ᠹᠧᠩ᠂ ᠲᠤᠶᠠᠭ᠎ᠠ᠂ ᠭᠦᠸᠧ ᠸᠧᠨ ᠵᠢᠶᠦ᠋ᠨ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠪᠠᠨ ᠠᠶᠣᠯᠭᠦᠢ ᠦᠢᠯᠡᠳᠪᠦᠷᠢᠯᠡᠯ ᠤᠨ ᠶᠡᠭᠡ ᠵᠢᠭᠰᠠᠨ ᠪᠠᠶᠢᠴᠠᠭᠠᠯᠲᠠ᠂ ᠶᠡᠭᠡ ᠪᠠᠶᠢᠴᠠᠭᠠᠯᠲᠠ᠂ ᠶᠡᠭᠡ ᠴᠡᠭᠴᠡᠯᠡᠨ ᠵᠠᠰᠠᠯᠲᠠ᠂ ᠬᠤᠸᠠᠷ ᠫᠤᠤᠵᠢᠩ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠬᠥᠯᠥᠰᠥᠨ ᠲᠠᠷᠢᠶᠠᠴᠢᠨ ᠤ ᠴᠠᠯᠢᠩ᠂ ᠵᠠᠭᠠᠯᠳᠤᠯᠭ᠎ᠠ ᠶᠢ ᠭᠥᠯᠢᠶᠡᠨ ᠠᠪᠴᠤ ᠭᠦᠢᠴᠡᠳᠬᠡᠬᠦ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠠᠨ ᡁᠢ ᠶᠦᠩ᠂ ᠡᠯ᠎ᠡ ᠨᠢᠭᠡᠴᠡ᠂ ᠡᠯ᠎ᠡ ᠰᠢᠶᠠᠩ ᠪᠠᠯᠭᠠᠰᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号