ᠮᠠᠨ ᠤ ᠬᠤᠲᠠ ᠳᠥᠷᠪᠡᠨ ᠲᠥᠷᠥᠯ ᠤᠨ ᠡᠮ ᠬᠤᠳᠠᠯᠳᠤᠨ ᠠᠪᠤᠬᠰᠠᠨ ᠬᠦᠮᠦᠨ ᠤ ᠮᠡᠳᠡᠭᠡ ᠵᠠᠩᠭᠢ ᠶᠢ ︽ᠪᠦᠬᠦᠨ ᠢ ᠴᠤᠬᠯᠠᠭᠤᠯᠬᠤ︾ ᠠᠵᠢᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/1/27
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠴᠢ ᠰᠢᠶᠤᠤ ᠶᠠᠨ︶ ᠬᠢᠵᠢᠭ ᠳᠡᠯᠭᠡᠷᠡᠬᠦ ᠠᠶᠤᠯ ᠲᠦᠭᠰᠢᠭᠦᠷᠢ ᠶᠢ ᠠᠯᠢ ᠴᠢᠳᠠᠬᠤ ᠪᠠᠷ ᠪᠠᠭᠠᠰᠬᠠᠬᠤ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠮ ᠤᠨ ᠳᠡᠯᠭᠡᠭᠦᠷ ᠤᠨ ᠪᠣᠷᠣᠯᠠᠭᠤᠯᠭ᠎ᠠ ᠶᠢᠨ ᠭᠤᠭᠴᠤᠭ᠎ᠠ ᠳᠤ ︽ᠣᠶᠤᠨᠴᠢ ᠬᠠᠮᠢᠶᠠᠷᠤᠯᠲᠠ︾ ᠶᠢᠨ ᠣᠶᠢᠯᠠᠭᠠᠭᠳᠠᠬᠤᠨ ᠢ ᠣᠷᠣᠭᠤᠯᠵᠤ᠂ ᠡᠯ᠎ᠡ ᠲᠥᠷᠥᠯ ᠤᠨ ᠡᠮ ᠤᠨ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢ ᠺᠣᠳ᠋ ᠰᠢᠷᠪᠢᠬᠦ ᠲᠥᠬᠦᠭᠡᠷᠦᠮᠵᠢ ᠪᠠᠷ ᠳᠠᠮᠵᠢᠭᠤᠯᠤᠨ᠂ ᠬᠠᠯᠠᠭᠤᠨ ᠢ ᠪᠠᠭᠤᠷᠠᠭᠤᠯᠬᠤ᠂ ᠬᠠᠨᠢᠶᠠᠯᠭᠠᠬᠤ ᠶᠢ ᠵᠤᠬᠰᠤᠭᠠᠬᠤ᠂ ᠪᠠᠺᠲ᠋ᠧᠷᠢ ᠳᠠᠷᠤᠬᠤ᠂ ᠸᠢᠷᠦ᠋ᠰ ᠳᠠᠷᠤᠬᠤ ᠳᠥᠷᠪᠡᠨ ᠲᠥᠷᠥᠯ ᠤᠨ ᠡᠮ  ᠬᠤᠳᠠᠯᠳᠤᠨ ᠠᠪᠤᠬᠰᠠᠨ ᠬᠦᠮᠦᠨ ᠤ ᠮᠡᠳᠡᠭᠡ ᠵᠠᠩᠭᠢ ᠶᠢ ᠪᠦᠷᠢᠨ ᠦᠨᠡᠨ ᠪᠣᠳᠠᠲᠠᠶ ᠪᠠᠷ  ᠲᠠᠩᠰᠠᠯᠠᠬᠰᠠᠨ ᠦᠭᠡᠢ  ᠪᠠᠶᠢᠬᠰᠠᠨ ᠳᠤᠲᠠᠭᠳᠠᠯ ᠢ ᠪᠦᠲᠦᠮᠵᠢᠲᠡᠶ  ᠵᠠᠯᠠᠷᠠᠭᠤᠯᠬᠤ ᠬᠡᠷᠡᠭᠲᠡᠶ ᠭᠡᠵᠦ ᠱᠠᠭᠠᠷᠳᠠᠪᠠ᠃      ᠪᠣᠳᠠᠲᠠᠶ ᠬᠢᠬᠦ ᠠᠯᠬᠤᠮ ᠳᠠᠷᠠᠭ᠎ᠠ ᠨᠢ᠄ ᠳᠡᠯᠭᠡᠭᠦᠷ ᠲᠤ ᠣᠷᠣᠬᠤ ᠬᠥᠮᠦᠰ ︽ᠬᠥᠬᠡᠬᠤᠲᠠ ᠶᠢᠨ ᠡᠮᠴᠢᠯᠡᠭᠡ︾ ᠡᠷᠡᠭᠦᠯ ᠮᠡᠨᠳᠦ ᠶᠢᠨ ᠺᠣᠳ᠋ ᠢ ᠰᠢᠷᠪᠢᠭᠰᠡᠨ ᠤ ᠳᠠᠷᠠᠭ᠎ᠠ ᠺᠣᠳ᠋ ᠰᠢᠷᠪᠢᠬᠦ ᠲᠦᠰᠢ ᠲᠡᠮᠳᠡᠭ ᠳᠡᠭᠡᠷ᠎ᠡ ᠲᠠᠯᠪᠢᠪᠠᠯ᠂  ᠶᠠᠪᠤᠴᠠ ᠶᠢᠨ ᠮᠡᠳᠡᠭᠡ ᠵᠠᠩᠭᠢ ᠶᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠷᠤ ᠲᠠᠪᠴᠠᠩ ᠢᠶᠠᠷ ᠳᠠᠮᠵᠢᠭᠤᠯᠤᠨ ᠬᠤᠲᠠ ᠶᠢᠨ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠤᠨ ᠵᠢᠯᠣᠭᠤᠳᠬᠤ ᠭᠠᠵᠠᠷ ᠲᠤ ᠰᠢᠭᠤᠳ ᠬᠦᠷᠭᠡᠨ᠎ᠡ᠃ ᠬᠡᠷᠪᠡ ᠬᠠᠯᠠᠭᠤᠨ ᠢ ᠪᠠᠭᠤᠷᠠᠭᠤᠯᠬᠤ᠂ ᠬᠠᠨᠢᠶᠠᠯᠭᠠᠬᠤ ᠶᠢ ᠵᠤᠬᠰᠤᠭᠠᠬᠤ᠂ ᠪᠠᠺᠲ᠋ᠧᠷᠢ ᠳᠠᠷᠤᠬᠤ᠂ ᠸᠢᠷᠦ᠋ᠰ ᠳᠠᠷᠤᠬᠤ ᠳᠥᠷᠪᠡᠨ ᠵᠦᠢᠯ ᠤᠨ ᠡᠮ ᠬᠤᠳᠠᠯᠳᠤᠨ ᠠᠪᠤᠪᠠᠯ᠂ ᠡᠮ ᠬᠤᠳᠠᠯᠳᠤᠨ  ᠠᠪᠬᠤ ᠬᠦᠮᠦᠨ ᠳᠥᠷᠪᠡᠨ ᠲᠥᠷᠥᠯ ᠤᠨ ᠡᠮ ᠤᠨ ᠳᠣᠲᠣᠷ᠎ᠠ ᠠᠴᠠ ᠡᠮ ᠤᠨ ᠲᠥᠷᠥᠯ ᠢᠶᠠᠨ ᠰᠣᠩᠭᠤᠵᠤ ᠲᠤᠰᠢᠶᠠᠬᠤ ᠬᠡᠷᠡᠭᠲᠡᠶ᠃ ᠺᠣᠳ᠋ ᠰᠢᠷᠪᠢᠬᠦ ᠲᠥᠬᠦᠭᠡᠷᠦᠮᠵᠢ ᠶᠢ ᠪᠦᠲᠦᠮᠵᠢᠲᠡᠶ ᠬᠡᠷᠡᠭᠯᠡᠬᠦ  ᠪᠠᠷ ᠲᠠᠮᠵᠢᠭᠠᠳ᠂ ᠴᠠᠭ ᠬᠤᠭᠤᠴᠠᠭ᠎ᠠ ᠶᠢ ᠠᠷᠪᠢᠯᠠᠵᠤ᠂ ᠤᠷᠢᠳᠴᠢᠯᠠᠨ ᠰᠡᠷᠭᠡᠶᠢᠯᠡᠯᠲᠡ ᠶᠢ ᠪᠠᠶᠢᠷᠢᠯᠠᠭᠤᠯᠬᠤ ᠪᠠ ᠪᠠᠶᠢᠴᠠᠭᠠᠨ  ᠬᠤᠷᠢᠬᠯᠠᠬᠤ ᠪᠣᠯᠤᠨ᠎ᠠ᠂ ᠡᠭᠦᠨ ᠤ ᠬᠠᠮᠲᠤ ᠰᠡᠷᠭᠡᠶᠢᠯᠡᠨ ᠬᠤᠷᠢᠬᠯᠠᠬᠤ ᠠᠷᠭ᠎ᠠ ᠵᠠᠮ ᠳᠠᠬᠢ ᠳᠤᠲᠠᠭᠳᠠᠯ ᠢ ᠵᠠᠯᠠᠷᠠᠭᠤᠯᠵᠤ᠂ ᠬᠢᠵᠢᠭ ᠢ ᠨᠠᠩ ᠴᠢᠩᠭ᠎ᠠ ᠨᠠᠩ ᠨᠠᠷᠢᠨ ᠰᠡᠷᠭᠡᠶᠢᠯᠡᠨ ᠬᠤᠷᠢᠬᠯᠠᠬᠤ ᠳᠤ ᠠᠰᠢᠭᠲᠠᠶ ᠶᠤᠮ᠃      2020 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠢᠵᠢᠭ ᠢ ᠰᠡᠷᠭᠡᠶᠢᠯᠡᠨ  ᠬᠤᠷᠢᠬᠯᠠᠬᠤ ᠠᠵᠢᠯ ᠤᠨ ᠵᠢᠯᠣᠭᠤᠳᠬᠤ ᠭᠠᠵᠠᠷ ᠤᠨ ᠠᠵᠢᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠯ᠎ᠡ ᠡᠮ ᠤᠨ ᠳᠡᠯᠭᠡᠭᠦᠷ ᠢ ᠬᠠᠯᠠᠭᠤᠨ ᠢ ᠪᠠᠭᠤᠷᠠᠭᠤᠯᠬᠤ᠂ ᠬᠠᠨᠢᠶᠠᠯᠭᠠᠬᠤ ᠶᠢ ᠵᠤᠬᠰᠤᠭᠠᠬᠤ᠂ ᠪᠠᠺᠲ᠋ᠧᠷᠢ ᠳᠠᠷᠤᠬᠤ᠂ ᠸᠢᠷᠦ᠋ᠰ ᠳᠠᠷᠤᠬᠤ ᠳᠥᠷᠪᠡᠨ ᠵᠦᠢᠯ ᠤᠨ ᠡᠮ  ᠬᠤᠳᠠᠯᠳᠤᠨ  ᠠᠪᠤᠬᠰᠠᠨ ᠬᠦᠮᠦᠨ ᠤ ᠮᠡᠳᠡᠭᠡ ᠵᠠᠩᠭᠢ ᠶᠢ ᠦᠨᠡᠨ ᠨᠡᠷ᠎ᠡ ᠪᠠᠷ ᠨᠢ ᠳᠡᠩᠰᠡᠯᠡᠨ ᠲᠡᠮᠳᠡᠭᠯᠡᠬᠦ ᠶᠢ ᠱᠠᠭᠠᠷᠳᠠᠭᠰᠠᠨ ᠪᠣᠯᠪᠠᠴᠤ ᠳᠡᠩᠰᠡᠯᠡᠨ ᠲᠡᠮᠳᠡᠭᠯᠡᠭᠰᠡᠨ ᠮᠡᠳᠡᠭᠡ ᠵᠠᠩᠭᠢ ᠨᠢ ᠪᠦᠷᠢᠨ ᠪᠤᠰᠤ ᠦᠨᠡᠨ ᠪᠣᠳᠠᠲᠠᠶ ᠪᠤᠰᠤ ᠪᠠᠶᠢᠬᠤ ᠠᠰᠠᠭᠤᠳᠠᠯ ᠪᠠᠶᠢᠨ ᠲᠠᠬᠢᠨ ᠭᠠᠷᠴᠤ ᠪᠠᠶᠢᠨ᠎ᠠ᠃  ᠡᠶᠢᠮᠦ ᠠᠴᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠷᠣᠰᠢᠵᠤ ᠪᠠᠶᠢᠭ᠎ᠠ ᠠᠰᠠᠭᠤᠳᠠᠯ ᠢᠶᠠᠨ ᠬᠤᠲᠠ ᠶᠢᠨ ᠬᠢᠵᠢᠭ ᠢ ᠰᠡᠷᠭᠡᠶᠢᠯᠡᠨ  ᠬᠤᠷᠢᠬᠯᠠᠬᠤ ᠠᠵᠢᠯ ᠤᠨ ᠵᠢᠯᠣᠭᠤᠳᠬᠤ ᠭᠠᠵᠠᠷ ᠲᠤ ᠬᠠᠷᠢᠭᠤ ᠮᠡᠳᠡᠭᠦᠯᠵᠦ᠂ ᠡᠮ ᠤᠨ ᠳᠡᠯᠭᠡᠭᠦᠷ ᠲᠤ ᠺᠣᠳ᠋ ᠰᠢᠷᠪᠢᠬᠦ ᠲᠥᠬᠦᠭᠡᠷᠦᠮᠵᠢ ᠤᠭᠰᠠᠷᠠᠬᠤ ᠰᠠᠨᠠᠭᠤᠯᠭ᠎ᠠ ᠲᠤᠷᠠᠳᠪᠠ᠃  ᠲᠠᠶᠢᠨ ᠬᠦ᠂ ᠬᠤᠲᠠ ᠶᠢᠨ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠰᠬᠠᠶᠢᠯᠠᠨ ᠪᠠᠯᠠ ᠮᠥᠩᠭᠦ ᠣᠷᠣᠭᠤᠯᠵᠤ ᠺᠣᠳ᠋ ᠰᠢᠷᠪᠢᠬᠦ ᠲᠥᠬᠦᠭᠡᠷᠦᠮᠵᠢ ᠬᠤᠳᠠᠯᠳᠤᠨ ᠠᠪᠤᠭᠰᠠᠨ ᠪᠥᠭᠡᠳ ᠪᠣᠶ ᠪᠥᠬᠦᠶ ᠡᠮ ᠤᠨ ᠳᠡᠯᠭᠡᠭᠦᠷ ᠲᠤ ᠦᠨ᠎ᠡ ᠲᠥᠯᠥᠪᠦᠷᠢ ᠥᠬᠡᠶ ᠪᠠᠷ ᠥᠭᠴᠡᠶ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠥᠪᠬᠡᠨ ᠬᠠᠭᠠᠰ ᠡᠳᠦᠷ ᠤᠨ ᠴᠠᠭ ᠬᠡᠷᠡᠭᠯᠡᠨ 1839 ᠨᠤᠮᠧᠷᠳᠦ ᠲᠦᠰᠢ ᠲᠡᠮᠳᠡᠭ ᠢ ᠡᠮ ᠤᠨ ᠳᠡᠯᠭᠡᠭᠦᠷ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠳᠤ ᠲᠠᠷᠬᠠᠭᠠᠵᠤ᠂ ᠠᠷᠤ ᠲᠠᠪᠴᠠᠩ ᠢᠶᠠᠷ ᠳᠠᠮᠵᠢᠭᠤᠯᠤᠨ᠂ ᠬᠤᠲᠠ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠤᠨ ᠡᠯ᠎ᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠨᠢ ᠡᠮ ᠤᠨ ᠳᠡᠯᠭᠡᠭᠦᠷ ᠤᠨ ᠬᠡᠷᠡᠭᠯᠡᠵᠦ ᠪᠠᠶᠢᠭ᠎ᠠ ᠺᠣᠳ᠋ ᠤᠨ ᠲᠦᠰᠢ ᠲᠡᠮᠳᠡᠭ ᠤᠨ ᠪᠠᠶᠢᠳᠠᠯ ᠢ ᠴᠠᠭ ᠲᠤᠬᠠᠶ ᠳᠤᠨᠢ ᠪᠠᠶᠢᠴᠠᠭᠠᠨ ᠦᠵᠡᠵᠦ ᠪᠣᠯᠤᠨ᠎ᠠ᠃http://mongol.people.com.cn/15836251.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号