ᠬᠤᠶᠠᠷ ᠬᠤᠷᠠᠯ ᠤᠨ ᠠᠩᠬᠠᠳᠠᠭᠴᠢ ︽ᠰᠠᠶᠢᠨ ᠲᠠᠭᠤᠨ︾ ᠨᠢ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠴᠢ ᠵᠣᠷᠢᠭ ᠢᠶᠠᠨ ᠬᠥᠪᠴᠢᠯᠡᠪᠡ︕
ᠨᠡᠶᠢᠲᠡᠯᠡᠭᠰᠡᠨ ᠴᠠᠭ᠄
2021/1/27
      1 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠡᠬᠢᠯᠡᠬᠦ ᠠᠴᠠ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ 6 ᠭᠡᠰᠢᠭᠦᠨ ︽ᠭᠡᠰᠢᠭᠦᠳ ᠤᠨ ᠰᠤᠷᠪᠤᠯᠵᠢᠯᠠᠭ᠎ᠠ ᠬᠦᠯᠢᠶᠡᠬᠦ ᠵᠠᠮ︾ ᠳᠤ ᠭᠠᠷᠴᠤ ᠠᠩᠬᠠᠳᠠᠭᠴᠢ ᠰᠤᠷᠪᠤᠯᠵᠢᠯᠠᠭ᠎ᠠ ᠶᠢ ᠬᠦᠯᠢᠶᠡᠪᠡ᠃  ᠣᠨᠴᠠ ᠤᠷᠢᠭᠰᠠᠨ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠳᠠᠷᠤᠭ᠎ᠠ ᠰᠦᠨ ᠵᠢᠶᠦ᠋ᠨ ᠴᠢᠩ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠰᠦᠨ ᠵᠢᠶᠦ᠋ᠨ ᠴᠢᠩ ᠬᠡᠯᠡᠬᠦ ᠳᠡᠭᠡᠨ᠄ ᠨᠢᠭᠡ ᠵᠢᠯ ᠤᠨ ᠲᠤᠷᠰᠢ᠂ ᠡᠯ᠎ᠡ ᠲᠠᠯ᠎ᠠ ᠶᠢᠨ ᠴᠢᠷᠮᠠᠶᠢᠯᠭ᠎ᠠ ᠪᠠᠷ ᠳᠡᠮᠵᠢᠨ᠂ ᠥᠪᠥᠷ ᠮᠣᠩᠭᠤᠯ ᠬᠢᠭᠡᠳ ︽4 + 8 + N︾ ᠵᠡᠷᠭᠡ ᠬᠠᠮᠲᠤᠷᠠᠯᠴᠠᠭᠠᠨ ᠤ ᠡᠲᠡᠭᠡᠳ ᠤᠨ ᠪᠥᠬᠦ ᠲᠠᠯ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠪᠠᠶᠢᠳᠠᠯ ᠨᠢᠭᠡᠨᠲᠡ ᠠᠩᠬ᠎ᠠ ᠠᠯᠬᠤᠮ ᠪᠣᠶ ᠪᠣᠯᠵᠠᠶ᠂ ᠵᠥᠪᠬᠡᠨ ᠥᠪᠡᠷᠲᠡᠭᠡᠨ ᠵᠠᠰᠠᠬᠤ ᠣᠷᠣᠨ ᠤ ᠲᠠᠯ᠎ᠠ ᠠᠴᠠ ᠠᠪᠴᠤ ᠬᠡᠯᠡᠪᠡᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠴᠢᠩᠬᠤᠸᠠ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠤᠨ 100 ᠭᠠᠷᠤᠶ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠢ ᠲᠠᠳᠠᠵᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠡᠭᠦᠷᠭᠡ ᠳᠤ ᠤᠷᠤᠯᠴᠠᠭᠤᠯᠪᠠ᠃ ᠡᠭᠦᠨ ᠤ ᠬᠠᠮᠲᠤ᠂ ᠣᠷᠣᠨ ᠤ ᠳᠣᠲᠣᠷᠠᠬᠢ ᠰᠢᠨ᠎ᠡ ᠶᠢ ᠡᠭᠦᠳᠬᠦ ᠭᠤᠤᠯ ᠴᠣᠭᠴᠠ ᠨᠢ ᠤᠯᠤᠰ ᠤᠨ ᠳᠣᠲᠣᠭᠠᠳᠤ ᠶᠢᠨ ᠡᠯ᠎ᠡ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠯᠤᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ 300 ᠭᠠᠷᠤᠶ ᠲᠥᠷᠥᠯ ᠵᠦᠢᠯ ᠳᠤ ᠭᠠᠷ ᠤᠨ ᠥᠰᠥᠭ ᠵᠢᠷᠤᠪᠠ᠃      ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠨᠡᠭᠡᠭᠡᠯᠲᠡ ᠬᠢᠵᠦ  ᠬᠠᠮᠳᠤᠷᠠᠨ ᠠᠵᠢᠯᠯᠠᠵᠤ ᠰᠢᠨ᠎ᠡ ᠶᠢ ᠡᠭᠦᠳᠬᠦ ᠶᠢ ᠦᠷᠭᠦᠯᠵᠢᠯᠡᠨ ᠪᠠᠷᠢᠮᠳᠠᠯᠠᠨ᠎ᠠ᠂ ᠭᠤᠤᠯᠳᠠᠯᠭ᠎ᠠ ᠨᠢ ᠠᠰᠢᠭ ᠲᠤᠰᠠ ᠶᠢᠨ ᠬᠡᠯᠬᠢᠶ᠎ᠡ ᠪᠠᠷ ᠭᠤᠤᠯ ᠪᠣᠯᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠲᠣᠭᠲᠠᠴᠠ ᠶᠢ ᠪᠦᠷᠢᠯᠳᠦᠭᠦᠯᠬᠦ ᠶᠢ ᠠᠬᠢᠭᠤᠯᠵᠤ᠂ ᠥᠪᠥᠷ ᠮᠣᠩᠭᠤᠯ ᠳᠤ ᠢᠷᠡᠵᠦ ᠰᠢᠨ᠎ᠡ ᠶᠢ ᠡᠭᠦᠳᠴᠦ ᠦᠢᠯᠡᠰ ᠪᠤᠰᠬᠠᠬᠤ ᠠᠵᠤ ᠠᠬᠤᠶᠢᠯᠠᠯ ᠳᠤ ᠠᠰᠢᠭ ᠬᠦᠷᠲᠡᠭᠡᠵᠦ᠂ ᠮᠠᠨ ᠤ ᠠᠵᠤ ᠠᠬᠤᠶᠢᠯᠠᠯ ᠳᠤ ᠪᠠᠨ ᠠᠰᠢᠭ ᠬᠦᠷᠲᠡᠭᠡᠵᠦ᠂ ᠨᠢᠭᠡ ᠪᠦᠯᠦᠭ ᠬᠢᠷᠢ ᠲᠦᠪᠰᠢᠨ ᠥᠨᠳᠥᠷ᠂ ᠲᠣᠭᠲᠠᠴᠠ ᠠᠮᠢᠳᠤᠯᠢᠭ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ ᠶᠢ ᠵᠣᠷᠢᠭᠵᠢᠭᠤᠯᠵᠤ᠂ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠲᠠᠯ᠎ᠠ ᠶᠢᠨ ᠬᠢᠨ ᠤ ᠮᠡᠷᠭᠡᠵᠢᠯ ᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠠᠵᠢᠯᠯᠠᠭ᠎ᠠ ᠥᠷᠨᠢᠭᠦᠯᠬᠦ ᠶᠢ ᠳᠠᠶᠢᠴᠢᠯᠠᠵᠤ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠭᠤᠯᠵᠤ᠂ ᠱᠠᠲᠤ ᠵᠢᠭᠡᠯᠡᠵᠦ ᠥᠨᠳᠥᠷ ᠲᠤ ᠭᠠᠷᠬᠤ᠂ ᠣᠩᠭᠤᠴᠠ ᠵᠢᠭᠡᠯᠡᠵᠦ ᠲᠡᠯᠡᠶ ᠳᠤ ᠭᠠᠷᠬᠤ ᠵᠠᠮ ᠢᠶᠠᠷ ᠰᠠᠶᠢᠲᠤᠷ ᠵᠠᠮᠨᠠᠭᠤᠯᠤᠨ᠎ᠠ ᠬᠡᠪᠡ᠃      ᠰᠢᠨᠵᠢᠯᠡᠬᠦ ᠤᠬᠠᠭᠠᠨ ᠮᠡᠷᠭᠡᠵᠢᠯ ᠤᠨ ᠪᠦᠲᠦᠮᠵᠢᠲᠡᠢ ᠬᠠᠩᠭᠠᠯᠭ᠎ᠠ ᠶᠢ ᠬᠡᠷᠬᠢᠨ ᠨᠡᠮᠡᠭᠳᠡᠭᠦᠯᠬᠦ ᠪᠤᠢ︖  ᠬᠡᠵᠦ ᠰᠤᠷᠪᠤᠯᠵᠢᠯᠠᠬᠴᠢ ᠠᠰᠠᠭᠤᠬᠰᠠᠨ ᠳᠤ᠂ ᠰᠦᠨ ᠵᠢᠶᠦ᠋ᠨ ᠴᠢᠩ᠄ ᠰᠢᠨᠵᠢᠯᠡᠬᠦ ᠤᠬᠠᠭᠠᠨ ᠮᠡᠷᠭᠡᠵᠢᠯ ᠤᠨ ᠪᠦᠲᠦᠮᠵᠢᠲᠡᠶ ᠬᠠᠩᠭᠠᠯᠭ᠎ᠠ ᠶᠢ ᠨᠡᠮᠡᠭᠳᠡᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠯᠥᠪᠵᠢᠭᠦᠯᠭᠡ ᠶᠢᠨ ᠭᠤᠤᠯ ᠡᠭᠦᠷᠭᠡ ᠪᠣᠯᠤᠨ᠎ᠠ᠃  ᠭᠤᠤᠯᠳᠠᠭᠤ ᠳᠥᠷᠪᠡᠨ ᠲᠠᠯ᠎ᠠ ᠪᠠᠷ ᠬᠦᠴᠦᠯᠡᠬᠦ ᠬᠡᠷᠡᠭᠲᠡᠶ᠂ ᠨᠢᠭᠡ ᠳᠤ ᠰᠠᠭᠤᠷᠢ ᠰᠤᠳᠤᠯᠭᠠᠨ ᠢ ᠴᠢᠩᠭᠠᠳᠬᠠᠬᠤ ᠬᠡᠷᠡᠭᠲᠡᠶ᠂ ᠡᠨᠡ ᠪᠣᠯ ᠮᠠᠨ ᠤ ᠪᠠᠭᠤᠷᠠᠶ ᠲᠠᠯ᠎ᠠ ᠮᠥᠨ᠂ ᠭᠡᠪᠡᠴᠦ ᠡᠨᠡ ᠪᠣᠯ ᠠᠯᠤᠰ ᠬᠡᠲᠦ ᠶᠢ ᠬᠠᠮᠢᠶᠠᠷᠬᠤ ᠵᠦᠢᠯ ᠮᠥᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠦᠨᠳᠦᠰᠦ ᠮᠥᠨ᠂ ᠣᠷᠳᠣ ᠬᠤᠭᠤᠴᠠᠭ᠎ᠠ ᠪᠠᠷ ᠪᠠᠷᠢᠮᠲᠠᠯᠠᠵᠤ ᠣᠷᠳᠣ ᠬᠤᠭᠤᠴᠠᠭ᠎ᠠ ᠪᠠᠷ ᠴᠢᠷᠮᠠᠶᠢᠬᠤ ᠬᠡᠷᠡᠭᠲᠡᠶ᠃ ᠬᠤᠶᠠᠷ ᠲᠤ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠴᠢᠩᠭᠠᠳᠬᠠᠬᠤ ᠬᠡᠷᠡᠭᠳᠡᠢ᠂ ᠳᠠᠷᠤᠢ ᠠᠵᠤ ᠦᠢᠯᠡᠰ ᠤᠨ ᠬᠡᠯᠬᠢᠶ᠎ᠡ ᠲᠠᠢ ᠤᠶᠠᠯᠳᠤᠭᠤᠯᠤᠨ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠴᠢᠨᠠᠷ ᠰᠠᠶᠢᠲᠠᠢ ᠡᠨᠧᠷᠭᠢ ᠶᠢᠨ ᠰᠤᠷᠪᠤᠯᠵᠢ ᠡᠬᠢ ᠪᠠᠶᠠᠯᠢᠭ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ ᠤᠨᠴᠠᠯᠢᠬᠳᠤ ᠳᠠᠪᠠᠭᠤᠯᠢᠭ ᠠᠵᠤ ᠦᠢᠯᠡᠰ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠵᠦᠢᠯᠡᠰ ᠢ ᠪᠠᠶᠢᠷᠢᠯᠠᠭᠤᠯᠵᠤ᠂ ᠢᠯᠠᠩᠭᠤᠶ᠎ᠠ ᠬᠤᠪᠣᠷ ᠰᠢᠷᠣᠢ᠂ ᠡᠨᠧᠷᠭᠢ ᠶᠢᠨ ᠰᠤᠷᠪᠤᠯᠵᠢ᠂ ᠦᠷ᠎ᠡ ᠶᠢᠨ ᠦᠢᠯᠡᠰ ᠵᠡᠷᠭᠡ ᠬᠦᠷᠢᠶᠡᠨ ᠳᠤ ᠦᠷᠭᠦᠯᠵᠢᠯᠡᠨ ᠬᠦᠴᠦᠯᠡᠬᠦ ᠬᠡᠷᠡᠭᠳᠡᠢ᠃ ᠭᠤᠷᠪᠠ ᠳᠤ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠳᠡᠢ᠂ ᠡᠨᠡ ᠪᠣᠯ ᠴᠢᠳᠠᠪᠤᠷᠢᠲᠠᠨ ᠴᠤᠭᠯᠠᠷᠠᠭᠤᠯᠬᠤ᠂ ᠰᠢᠨ᠎ᠡ ᠶᠢ ᠡᠭᠦᠳᠬᠦ ᠡᠬᠢ ᠪᠠᠶᠠᠯᠢᠭ ᠢ ᠬᠤᠷᠠᠮᠳᠤᠭᠤᠯᠬᠤ᠂ ᠦᠷ᠎ᠡ ᠪᠦᠲᠦᠭᠡᠯ ᠭᠠᠷᠭᠠᠬᠤ ᠴᠢᠬᠤᠯᠠ ᠲᠤᠯᠭᠠᠭᠤᠷᠢᠯᠠᠯ ᠪᠣᠯᠤᠨ᠎ᠠ᠂  ᠰᠦ ᠶᠢᠨ ᠦᠢᠯᠡᠰ᠂ ᠬᠤᠪᠣᠷ ᠰᠢᠷᠣᠶ ᠵᠡᠷᠭᠡ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠲᠦᠷᠭᠡᠳᠬᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠵᠡᠷᠭᠡ ᠲᠠᠪᠴᠠᠩ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ 30 ᠵᠤᠷᠪᠤᠰ ᠲᠥᠷᠥ ᠶᠢᠨ ᠪᠣᠳᠣᠯᠭ᠎ᠠ ᠪᠠᠷ ᠥᠨᠳᠥᠷ ᠬᠢᠷᠢ ᠲᠦᠪᠰᠢᠨ ᠪᠥᠬᠦᠶ ᠰᠢᠨ᠎ᠡ ᠶᠢ ᠡᠭᠦᠳᠬᠦ ᠲᠠᠪᠴᠠᠩ ᠢ ᠪᠥᠲᠥᠭᠡᠨ ᠪᠠᠶᠢᠭᠤᠯᠬᠤ ᠳᠤ ᠬᠦᠴᠦᠲᠡᠶ ᠳᠡᠮᠵᠢᠯᠭᠡ ᠦᠵᠡᠭᠦᠯᠵᠦ᠂ ᠳᠡᠮᠵᠢᠯᠭᠡ ᠶᠢᠨ ᠡᠷᠴᠢᠮ ᠤᠨ ᠲᠠᠯ᠎ᠠ  ᠨᠢ ᠮᠠᠰᠢ ᠣᠯᠠᠨ ᠬᠥᠭᠵᠢᠭᠰᠡᠨ ᠭᠠᠵᠠᠷ ᠣᠷᠣᠨ ᠢ ᠳᠠᠪᠠᠭ᠋ᠤ ᠪᠣᠯᠤᠨ᠎ᠠ᠃ ᠲᠦᠷᠪᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠶᠡᠭᠡ ᠪᠠᠷ ᠠᠬᠢᠭᠤᠯᠬᠤ  ᠬᠡᠷᠡᠭᠳᠡᠢ᠂  ᠡᠭᠦᠨ ᠤ ᠭᠤᠣᠯᠳᠠᠯᠭ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠵᠣᠷᠢᠭᠵᠢᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠳᠤ ᠪᠠᠶᠢᠨ᠎ᠠ᠂ ᠰᠢᠭᠤᠳ ᠬᠡᠯᠡᠪᠡᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠥᠭᠦᠯᠡᠯ ᠢᠶᠠᠨ ᠡᠬᠡ ᠭᠠᠵᠠᠷ ᠲᠤ ᠪᠠᠨ ᠪᠢᠴᠢᠵᠦ᠂ ᠰᠡᠴᠡᠨ ᠰᠡᠷᠭᠦᠯᠡᠩ ᠤᠶᠤᠨ ᠤᠬᠠᠭᠠᠨ ᠢᠶᠠᠨ ᠦᠨᠡᠨ ᠪᠣᠳᠠᠲᠠᠢ ᠵᠣᠭᠤᠰ ᠮᠥᠩᠭᠦ ᠪᠣᠯᠭᠠᠨ ᠬᠤᠪᠢᠷᠠᠭᠤᠯᠬᠤ ᠶᠠᠪᠤᠳᠠᠯ ᠪᠤᠯᠤᠨ᠎ᠠ  ᠬᠡᠵᠦ  ᠬᠠᠷᠢᠭᠤᠯᠵᠠᠢ᠃http://mongol.people.com.cn/15836251.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号