ᠬᠤᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠰᠠᠶᠢᠬᠠᠨ ᠲᠣᠭᠤᠷᠢᠭ ᠲᠤ ᠬᠦᠷᠴᠦ ᠫᠤᠤᠵᠢᠩ ᠲᠠᠯᠪᠢᠬᠤ᠂ ᠺᠦᠩ ᠮᠢᠩ ᠳ᠋ᠧᠩ ᠳᠡᠭᠳᠡᠭᠡᠬᠦ᠂ ᠲᠦᠳᠡᠭ ᠠᠰᠠᠭᠠᠬᠤ ᠶᠢ ᠴᠠᠭᠠᠵᠠᠯᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2021/1/27
      ︵ᠰᠤᠷᠪᠤᠯᠵᠢᠯᠠᠭᠴᠢ ᠸᠠᠩ ᠵᠦᠩ ᠵᠸᠦ︶ 1 ᠳ᠋ᠦ᠋ᠭᠡᠷ  ᠰᠠᠷ᠎ᠠ ᠶᠢᠨ 26 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠯᠪᠠᠨ ᠭᠡᠷ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠢᠶᠠᠷ ᠪᠦᠷᠢᠯᠳᠦᠭᠰᠡᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠰᠠᠶᠢᠬᠠᠨ ᠲᠣᠭᠤᠷᠢᠭ ᠲᠤ ᠭᠦᠨᠵᠡᠭᠡᠶᠢᠷᠡᠨ᠂ ᠫᠤᠤᠵᠢᠩ ᠲᠠᠯᠪᠢᠬᠤ᠂ ᠺᠦᠩ ᠮᠢᠩ ᠳ᠋ᠧᠩ ᠳᠡᠭᠳᠡᠭᠡᠬᠦ᠂ ᠲᠦᠳᠡᠭ ᠠᠰᠠᠭᠠᠬᠤ ᠶᠢ ᠴᠠᠭᠠᠵᠠᠯᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠪᠠ᠃      ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠶᠠᠭᠤᠨ ᠤ ᠤᠷᠢᠳ ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ ᠳᠤ ᠬᠦᠷᠴᠦ ᠫᠤᠤᠵᠢᠩ ᠲᠠᠯᠪᠢᠬᠤ᠂ ᠺᠦᠩ ᠮᠢᠩ ᠳ᠋ᠧᠩ ᠳᠡᠭᠳᠡᠭᠡᠬᠦ᠂ ᠲᠦᠳᠡᠭ ᠠᠰᠠᠭᠠᠬᠤ ᠶᠢ ᠴᠠᠭᠠᠵᠠᠯᠠᠬᠤ ᠠᠵᠢᠯ ᠢ ᠨᠠᠶᠢᠳᠠᠪᠤᠷᠢᠵᠢᠭᠤᠯᠤᠭᠰᠠᠨ ᠶᠡᠷᠦᠩᠬᠡᠢ ᠪᠠᠶᠢᠳᠠᠯ ᠤᠨ ᠬᠠᠷᠢᠭᠤ ᠮᠡᠳᠡᠭᠦᠯᠦᠯᠲᠡ᠂ ᠡᠯ᠎ᠡ ᠰᠠᠯᠠᠭ᠎ᠠ ᠮᠥᠴᠢᠷ ᠤᠨ ᠠᠪᠤᠭᠰᠠᠨ ᠠᠷᠭ᠎ᠠ ᠬᠡᠮᠵᠢᠶ᠎ᠡ᠂ ᠣᠯᠣᠭᠰᠠᠨ ᠦᠷ᠎ᠡ ᠪᠦᠲᠦᠮᠵᠢ ᠵᠡᠷᠭᠡ ᠰᠣᠨᠣᠰᠪᠠ᠃ ᠳᠠᠷᠠᠭ᠎ᠠ ᠨᠢ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠴᠡᠯᠡᠭᠡᠷ ᠲᠠᠯ᠎ᠠ ᠵᠡᠭᠡᠯᠢ ᠭᠤᠳᠤᠮᠵᠢ ᠶᠢᠨ ᠬᠤᠷᠢᠨ ᠲᠣᠰᠬᠤᠨ ᠤ ᠲᠣᠰᠬᠤᠨ ᠤ ᠵᠥᠪᠯᠡᠯ ᠤᠨ ᠬᠠᠪᠢ ᠶᠢᠨ ᠬᠤᠳᠠᠯᠳᠤᠭᠠᠨ ᠤ ᠵᠡᠭᠡᠯᠢ ᠳᠤ ᠬᠦᠷᠪᠡ᠃ ᠲᠤᠰ ᠵᠡᠭᠡᠯᠢ ᠨᠢ ᠬᠤᠲᠠ ᠶᠢᠨ ᠲᠣᠭᠤᠷᠢᠭ ᠪᠠ ᠬᠤᠲᠠ ᠶᠢᠨ ᠲᠡᠭᠦᠷᠭᠡ ᠶᠢᠨ ᠲᠠᠷᠢᠶᠠᠯᠠᠬᠤ ᠣᠷᠣᠨ ᠤ ᠵᠠᠭᠠᠭ ᠭᠠᠵᠠᠷ ᠪᠣᠯᠬᠤᠷ᠂ ᠬᠥᠮᠥᠨ ᠠᠮᠠ ᠲᠥᠪᠯᠡᠷᠡᠵᠦ᠂ ᠬᠤᠳᠠᠯᠳᠤᠭ᠎ᠠ ᠮᠠᠶᠢᠮᠠᠢ ᠰᠢᠬᠠᠯᠴᠠᠵᠤ᠂ ᠭᠠᠳᠠᠨ᠎ᠠ ᠠᠴᠠ ᠢᠷᠡᠭᠰᠡᠨ ᠬᠦᠴᠦᠨ ᠤ ᠬᠥᠮᠥᠨ ᠨᠡᠯᠢᠶᠡᠳ ᠣᠯᠠᠨ᠂ ᠥᠩᠭᠡᠷᠡᠭᠰᠡᠨ ᠳᠤ ᠫᠤᠤᠵᠢᠩ ᠪᠣᠷᠣᠯᠠᠭᠤᠯᠵᠤ ᠵᠢᠵᠢᠭᠯᠡᠨ ᠬᠤᠳᠠᠯᠳᠤᠬᠤ ᠳᠡᠯᠭᠡᠭᠦᠷ ᠬᠠᠷᠢᠴᠠᠩᠭᠤᠢ ᠲᠥᠪᠯᠡᠷᠡᠭᠰᠡᠨ ᠭᠠᠵᠠᠷ ᠪᠠᠶᠢᠪᠠ᠃ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠨᠠᠷᠢᠯᠢᠭ ᠪᠠᠶᠢᠴᠠᠭᠠᠯᠲᠠ ᠬᠢᠵᠦ᠂ ᠰᠤᠷᠪᠤᠯᠵᠢᠯᠠᠭᠴᠢ ᠶᠢᠨ ᠣᠯᠵᠤ ᠦᠵᠡᠭᠰᠡᠨ ᠢᠶᠠᠷ᠂ ᠵᠡᠭᠡᠯᠢ ᠪᠠᠷ ᠫᠤᠤᠵᠢᠩ ᠲᠠᠯᠪᠢᠬᠤ᠂ ᠺᠦᠩ ᠮᠢᠩ ᠳ᠋ᠧᠩ ᠳᠡᠭᠳᠡᠭᠡᠬᠦ᠂ ᠲᠦᠳᠡᠭ ᠠᠰᠠᠭᠠᠬᠤ ᠶᠢ ᠴᠠᠭᠠᠵᠠᠯᠠᠬᠤ ᠵᠠᠷᠯᠠᠯ ᠤᠷᠢᠶᠠᠯᠠᠭ᠎ᠠ ᠶᠢᠨ ᠪᠢᠴᠢᠭ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠨᠠᠭᠠᠵᠤ᠂ ᠥᠩᠭᠡᠷᠡᠭᠰᠡᠨ ᠤ ᠨᠢᠭᠡ ᠪᠦᠯᠦᠭ ᠫᠤᠤᠵᠢᠩ ᠬᠤᠳᠠᠯᠳᠤᠳᠠᠭ ᠳᠡᠯᠭᠡᠭᠦᠷ ᠤᠳ ᠪᠦᠷ ᠡᠭᠦᠳᠡ ᠪᠠᠨ ᠬᠠᠭᠠᠵᠤ᠂ ᠡᠳ᠋ ᠪᠣᠳᠠᠰ ᠢᠶᠠᠨ ᠴᠡᠪᠡᠷᠯᠡᠨ᠂ ᠡᠭᠦᠳᠡᠨ ᠤ ᠫᠠᠶᠢᠰᠠ ᠢᠯᠡᠷᠬᠡᠶᠢᠯᠡᠯ ᠢᠶᠠᠨ ᠴᠦ ᠨᠤᠷᠠᠭᠠᠭᠰᠠᠨ ᠪᠠᠶᠢᠪᠠ᠃      ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠰᠠᠶᠢᠬᠠᠨ ᠲᠣᠭᠤᠷᠢᠭ ᠤᠨ ᠫᠤᠤᠵᠢᠩ ᠲᠠᠯᠪᠢᠬᠤ᠂ ᠺᠦᠩ ᠮᠢᠩ ᠳ᠋ᠧᠩ ᠳᠡᠭᠳᠡᠭᠡᠬᠦ᠂ ᠲᠦᠳᠡᠭ ᠠᠰᠠᠭᠠᠬᠤ ᠶᠢ ᠴᠠᠭᠠᠵᠠᠯᠠᠬᠤ ᠶᠢ ᠨᠠᠶᠢᠳᠠᠪᠤᠷᠢᠵᠢᠭᠤᠯᠤᠭᠰᠠᠨ ᠡᠮᠦᠨ᠎ᠡ ᠬᠤᠭᠤᠴᠠᠭᠠᠨ ᠤ ᠠᠵᠢᠯ ᠢ ᠨᠤᠲᠠᠯᠠᠭᠰᠠᠨ ᠤ ᠬᠠᠮᠲᠤ᠂ ᠰᠠᠶᠢᠬᠠᠨ ᠲᠣᠭᠤᠷᠢᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠫᠤᠤᠵᠢᠩ ᠲᠠᠯᠪᠢᠬᠤ᠂ ᠺᠦᠩ ᠮᠢᠩ ᠳ᠋ᠧᠩ ᠳᠡᠭᠳᠡᠭᠡᠬᠦ᠂ ᠲᠦᠳᠡᠭ ᠠᠰᠠᠭᠠᠬᠤ ᠶᠢ ᠴᠠᠭᠠᠵᠠᠯᠠᠬᠤ ᠠᠵᠢᠯ ᠤᠨ ᠴᠢᠬᠤᠯᠠ ᠴᠢᠨᠠᠷ ᠲᠠᠬᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠬᠠᠭᠤᠯᠭ᠎ᠠ ᠰᠤᠷᠲᠠᠯᠴᠢᠯᠠᠭ᠎ᠠ ᠶᠢᠨ ᠠᠵᠢᠯ ᠢ ᠰᠠᠶᠢᠨ ᠬᠢᠬᠦ ᠶᠢᠨ ᠬᠠᠮᠲᠤ᠂ ᠬᠠᠷᠢᠶ᠎ᠠ ᠭᠠᠵᠠᠷ ᠤᠨ ᠬᠤᠲᠠ ᠬᠥᠳᠡᠭᠡ ᠵᠠᠭᠠᠭᠯᠠᠭᠰᠠᠨ ᠣᠷᠣᠨ ᠪᠦᠰᠡ ᠳᠤ ᠴᠢᠭᠯᠡᠭᠦᠯᠦᠨ᠂ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠬᠠᠤᠯᠢ ᠶᠢ ᠵᠥᠷᠢᠴᠡᠨ ᠫᠤᠤᠵᠢᠩ ᠬᠤᠳᠠᠯᠳᠤᠬᠤ ᠵᠡᠷᠭᠡ ᠦᠵᠡᠭᠳᠡᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号