ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠪᠣᠯᠪᠠᠰᠤᠷᠠᠭᠤᠯᠤᠯ ᠵᠢᠴᠢ ᠲᠥᠷᠥ ᠶᠢᠨ ᠪᠣᠳᠣᠯᠭ᠎ᠠ ᠰᠤᠳᠤᠯᠬᠤ ᠠᠯᠪᠠᠨ ᠭᠡᠷ᠂ ᠥᠭᠡᠷᠡᠴᠢᠯᠡᠯᠲᠡ ᠶᠢᠨ ᠠᠯᠪᠠᠨ ᠭᠡᠷ ᠤᠨ ᠡᠷᠬᠢᠯᠡᠭᠴᠢ ᠶᠢᠨ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/1/27
      ︵ᠰᠤᠷᠪᠤᠯᠵᠢᠯᠠᠭᠴᠢ ᠠᠷᠢᠭᠤᠨ᠎ᠠ︶ 1 ᠳ᠋ᠦ᠋ᠭᠡᠷ ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠪᠣᠯᠪᠠᠰᠤᠷᠠᠭᠤᠯᠤᠯ ᠵᠢᠴᠢ ᠲᠥᠷᠥ ᠶᠢᠨ ᠪᠣᠳᠣᠯᠭ᠎ᠠ ᠰᠤᠳᠤᠯᠬᠤ ᠠᠯᠪᠠᠨ ᠭᠡᠷ᠂ ᠥᠭᠡᠷᠡᠴᠢᠯᠡᠯᠲᠡ ᠶᠢᠨ ᠠᠯᠪᠠᠨ ᠭᠡᠷ ᠤᠨ ᠡᠷᠬᠢᠯᠡᠭᠴᠢ ᠶᠢᠨ ᠰᠠᠭᠤᠳᠠᠯ ᠤᠨ ᠬᠤᠷᠠᠯ ᠬᠤᠷᠠᠯᠳᠤᠪᠠ᠃ ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯᠳᠤᠭᠠᠨ ᠪᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠪᠤᠢ ᠪᠣᠯᠭᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠭᠦᠨ ᠤ ᠤᠯᠠᠮ ᠠᠴᠠ ᠲᠥᠷᠥ ᠶᠢᠨ ᠪᠣᠳᠣᠯᠭ᠎ᠠ ᠶᠢ ᠰᠤᠳᠤᠯᠬᠤ᠂ ᠥᠭᠡᠷᠡᠴᠢᠯᠡᠯᠲᠡ ᠬᠢᠬᠦ ᠡᠭᠦᠷᠭᠡ ᠬᠠᠷᠢᠭᠤᠴᠠᠯᠭ᠎ᠠ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠶᠣᠨ ᠬᠦᠴᠦᠨ ᠢᠶᠠᠨ ᠵᠣᠷᠢᠭᠤᠯᠵᠠᠢ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢᠨ ᠠᠯᠪᠠᠨ ᠭᠡᠷ ᠤᠨ ᠡᠷᠬᠢᠯᠡᠭᠴᠢ ᠦ᠋ ᠸᠧᠨ ᠮᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠦ᠋ ᠸᠧᠨ ᠮᠢᠩ  ᠱᠠᠭᠠᠷᠳᠠᠬᠤ ᠳᠠᠭᠠᠨ᠂ ᠡᠯ᠎ᠡ ᠱᠠᠲᠤ ᠶᠢᠨ ᠬᠢᠨ ︽ᠬᠤᠶᠠᠷ ᠢ ᠬᠦᠷᠢᠶᠡᠯᠡᠬᠦ︾ ᠤᠯᠤᠰ ᠲᠥᠷᠥ ᠶᠢᠨ ᠥᠨᠳᠥᠷ ᠲᠤ ᠵᠣᠭᠰᠣᠵᠤ᠂  ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢᠨ ᠲᠥᠪ ᠬᠤᠲᠠ ᠳᠤ ᠲᠡᠷᠡ ᠴᠢᠭ ᠢᠶᠠᠷ ᠢᠶᠠᠨ ᠨᠠᠶᠢᠳᠠᠪᠤᠷᠢᠯᠠᠭᠳᠠᠵᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ︔ ᠨᠡᠩ ᠥᠨᠳᠥᠷ ᠡᠬᠢᠯᠡᠯᠲᠡ ᠶᠢᠨ ᠴᠢᠭ ᠠᠴᠠ ᠥᠭᠡᠷᠡᠴᠢᠯᠡᠯᠲᠡ ᠶᠢ ᠲᠥᠰᠥᠪᠯᠡᠨ ᠲᠦᠯᠬᠢᠨ ᠠᠬᠢᠭᠤᠯᠵᠤ᠂ ᠰᠢᠨ᠎ᠡ ᠬᠥᠭᠵᠢᠯᠲᠡ ᠶᠢᠨ ᠦᠶ᠎ᠡ ᠶᠢᠨ ᠥᠭᠡᠷᠡᠴᠢᠯᠡᠯᠲᠡ ᠨᠡᠩ ᠶᠡᠭᠡ ᠠᠮᠵᠢᠯᠲᠠ ᠣᠯᠬᠤ ᠶᠢ ᠲᠦᠯᠬᠢᠨ ᠠᠬᠢᠭᠤᠯᠬᠤ ᠬᠡᠷᠡᠭᠲᠡᠢ︔ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠶᠢ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠰᠤᠳᠤᠯᠬᠤ ᠠᠯᠪᠠᠨ ᠭᠡᠷ ︵ᠥᠭᠡᠷᠡᠴᠢᠯᠡᠯᠲᠡ ᠶᠢᠨ ᠠᠯᠪᠠᠨ ᠭᠡᠷ︶ ᠤᠨ ᠳᠡᠳ᠋ ᠡᠷᠬᠢᠯᠡᠭᠴᠢ ᠳᠤ ᠢ ᠰᠢᠨ ᠢ ᠣᠨᠴᠠ ᠤᠷᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠠᠷ ᠭᠤᠣᠯ ᠠᠭᠤᠯᠭ᠎ᠠ ᠪᠣᠯᠭᠠᠨ ᠲᠤᠰᠬᠠᠢ ᠲᠠᠶᠢᠯᠤᠮᠵᠢ ᠬᠢᠯᠭᠡᠵᠡᠢ᠃      ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠡᠯ᠎ᠡ ᠲᠤᠰᠬᠠᠢ ᠳᠤᠭᠤᠶᠢᠯᠠᠩ ᠤᠨ ᠬᠤᠯᠪᠣᠭᠠᠴᠢᠨ᠂ ᠬᠤᠲᠠ ᠶᠢᠨ ᠰᠢᠭᠤᠳ ᠬᠠᠷᠢᠶ᠎ᠠ ᠭᠤᠣᠯᠳᠠᠯᠭ᠎ᠠ ᠲᠠᠢ ᠥᠭᠡᠷᠡᠴᠢᠯᠡᠯᠲᠡ ᠶᠢ ᠲᠣᠯᠣᠭᠠᠶᠢᠯᠠᠬᠤ ︵ᠬᠠᠷᠢᠭᠤᠴᠠᠯᠭᠠᠲᠤ︶ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠨᠥᠬᠦᠳ᠂ ᠬᠤᠲᠠ ᠶᠢᠨ ᠨᠠᠮ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠰᠤᠳᠤᠯᠬᠤ ᠠᠯᠪᠠᠨ ᠭᠡᠷ ︵ᠥᠭᠡᠷᠡᠴᠢᠯᠡᠯᠲᠡ ᠶᠢᠨ ᠠᠯᠪᠠᠨ ᠭᠡᠷ︶ ᠤᠨ ᠪᠦᠬᠦ ᠺᠠᠳ᠋ᠷ ᠦᠳᠡ ᠶᠢᠨ ᠡᠮᠦᠨ᠎ᠡ ᠶᠢᠨ ᠪᠣᠯᠪᠠᠰᠤᠷᠠᠭᠤᠯᠤᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠰᠤᠳᠤᠯᠬᠤ ᠠᠯᠪᠠᠨ ᠭᠡᠷ ︵ᠥᠭᠡᠷᠡᠴᠢᠯᠡᠯᠲᠡ ᠶᠢᠨ ᠠᠯᠪᠠᠨ ᠭᠡᠷ︶ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠰᠤᠳᠤᠯᠬᠤ ᠠᠯᠪᠠᠨ ᠭᠡᠷ᠂ ᠥᠭᠡᠷᠡᠴᠢᠯᠡᠯᠲᠡ ᠶᠢᠨ ᠠᠯᠪᠠᠨ ᠭᠡᠷ ᠤᠨ ᠡᠷᠬᠢᠯᠡᠭᠴᠢ ᠲᠠᠢ ᠦᠳᠡ ᠶᠢᠨ ᠬᠤᠶᠢᠨ᠎ᠠ ᠶᠢᠨ ᠰᠠᠭᠤᠳᠠᠯ ᠤᠨ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号