1 ᠳ᠋ᠦ᠋ᠭᠡᠷ ᠰᠠᠷ᠎ᠠ ᠶᠢᠨ 25 ᠤ ᠡᠳᠦᠷ᠂ ᠰᠢᠨ᠎ᠡ ᠬᠤᠲᠠ ᠲᠣᠭᠤᠷᠢᠭ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ | ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠱᠦᠵᠢ | ᠸᠧᠶ ᠬᠤᠩ ᠵᠢᠶᠦ᠋ᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠰᠢᠨ᠎ᠡ ᠬᠤᠲᠠ ᠲᠣᠭᠤᠷᠢᠭ ᠤᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ ᠸᠠᠩ | ᠶᠠᠨ ᠵᠢᠶᠦ᠋ᠨ ᠬᠤᠷᠠᠯ ᠢ ᠡᠷᠭᠢᠯᠡᠪᠡ᠃ | ᠬᠤᠷᠠᠯ ᠳᠡᠭᠡᠷ᠎ᠡ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠵᠣᠣ ᠵᠢᠶᠠᠩ ︽ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠬᠥᠬᠡᠬᠤᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ︾ ᠤᠨ | ᠲᠤᠬᠠᠶ ᠲᠣᠳᠣᠷᠬᠠᠶᠢᠯᠠᠯᠲᠠ ᠬᠢᠪᠠ᠃ ᠲᠣᠭᠤᠷᠢᠨ ᠪᠠᠶᠢᠴᠠᠭᠠᠬᠤ ᠠᠵᠢᠯ ᠪᠠ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠳᠠ ᠶᠢᠨ ᠨᠠᠮ ᠤᠨ ᠬᠤᠷᠢᠶᠠᠨ ᠤ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠬᠤ ᠱᠠᠭᠠᠷᠳᠠᠯᠭ᠎ᠠ ᠶᠣᠰᠣᠭᠠᠷ᠂ ᠴᠡᠭᠴᠡᠯᠡᠨ | ᠰᠠᠶᠢᠵᠢᠷᠠᠭᠤᠯᠬᠤ ᠠᠵᠢᠯ ᠢ ᠲᠠᠬᠢᠨ ᠲᠠᠶᠢᠴᠢᠯᠠᠵᠤ ᠲᠠᠬᠢᠨ ᠪᠠᠶᠢᠷᠢᠯᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | | | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠤᠯᠤᠰ ᠲᠦᠷᠦ ᠶᠢᠨ ᠤᠬᠠᠮᠰᠠᠷ᠂ ᠦᠵᠡᠯ | ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠥᠪᠡᠷ ᠤᠨ ᠤᠬᠠᠮᠰᠠᠷ ᠢᠶᠠᠨ ᠦᠨᠡᠨ ᠬᠦ ᠴᠢᠩᠭᠠᠳᠬᠠᠬᠤ | ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠶᠢ ᠵᠦᠢᠯ | ᠳᠠᠷᠠᠭᠠᠯᠠᠨ ᠰᠠᠶᠢᠲᠤᠷ ᠠᠳᠬᠤᠵᠤ᠂ ᠦᠨᠡᠨ ᠬᠦ ᠬᠠᠨᠤᠮᠵᠢᠲᠠᠢ ᠴᠡᠭᠴᠡᠯᠡᠨ ᠰᠠᠶᠢᠵᠢᠷᠠᠭᠤᠯᠤᠭᠰᠠᠨ ᠬᠠᠷᠢᠭᠤᠯᠲᠠ ᠶᠢᠨ | ᠬᠠᠭᠤᠳᠠᠰᠤ ᠲᠤᠰᠢᠶᠠᠬᠤ ᠬᠡᠷᠡᠭᠲᠡᠢ︔ ᠲᠡᠷᠢᠭᠦᠨ ᠤ ᠣᠷᠴᠢᠨ ᠲᠣᠭᠤᠷᠢᠨ ᠢᠶᠠᠷ ᠪᠠᠷᠢᠮᠵᠢᠶᠠᠯᠠᠵᠤ᠂ ᠠᠵᠢᠯ ᠤᠨ | ᠲᠦᠪᠰᠢᠨ ᠢᠶᠠᠨ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ︽ | ᠡᠷᠭᠢᠯᠲᠡ ᠶᠢᠨ ᠳᠠᠶᠢᠯᠠᠯᠳᠤᠭᠠᠨ︾ ᠤ ᠢᠯᠠᠯᠲᠠ ᠶᠢ ᠡᠷᠡᠰ ᠤᠯᠬᠤ ᠬᠡᠷᠡᠭᠲᠡᠢ︔ ᠠᠵᠢᠯ ᠤᠨ ᠬᠠᠷᠢᠭᠤᠴᠠᠯᠭ᠎ᠠ ᠪᠠᠨ | ᠪᠣᠳᠠᠲᠠᠶᠢᠵᠢᠭᠤᠯᠵᠤ᠂ ᠰᠤᠷᠲᠠᠯ ᠢᠶᠠᠨ ᠦᠷᠭᠦᠯᠵᠢᠯᠡᠨ ᠰᠠᠶᠢᠵᠢᠷᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ | ᠲᠥᠰᠦᠯ ᠲᠠᠢ ᠬᠠᠷᠭᠤᠭᠤᠯᠤᠨ᠂ ᠵᠦᠢᠯ ᠵᠤᠷᠪᠤᠰ ᠳᠠᠷᠠᠭᠠᠯᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠠᠳᠬᠤᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠴᠢᠨᠠᠷ ᠰᠠᠶᠢᠲᠠᠢ ᠲᠤᠭ᠎ᠠ ᠶᠣᠰᠣᠭᠠᠷ ᠪᠡᠶᠡᠯᠡᠭᠦᠯᠬᠦ ᠶᠢ | ᠪᠠᠲᠤᠯᠠᠵᠤ᠂ ᠬᠢᠷᠢ ᠲᠡᠩᠴᠡᠭᠰᠡᠨ ᠴᠡᠭᠴᠡᠯᠡᠨ ᠰᠠᠶᠢᠵᠢᠷᠠᠭᠤᠯᠬᠤ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ | ᠭᠡᠪᠡ᠃ |