ᠯᠢ ᠯᠢᠦ ᠰᠢᠶᠤᠤ ᠬᠤᠷᠢᠨᠭᠡᠷ ᠰᠢᠶᠠᠨ ᠤ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠭᠦᠢᠴᠡᠳᠬᠡᠬᠦ︾ ᠠᠵᠢᠯ ᠤᠨ ᠭᠤᠷᠪᠠᠳᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/28
     2021 ᠣᠨ ᠤ 1 ᠳ᠋ᠦ᠋ᠭᠡᠷ ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢ ᠯᠢᠦ ᠰᠢᠶᠤᠤ ᠪᠥᠬᠦ ᠰᠢᠶᠠᠨ ᠤ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠭᠦᠢᠴᠡᠳᠬᠡᠬᠦ︾ ᠠᠵᠢᠯ ᠤᠨ ᠭᠤᠷᠪᠠᠳᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠡᠯ᠎ᠡ ᠰᠢᠶᠠᠩ ᠪᠠᠯᠭᠠᠰᠤ᠂ ᠡᠯ᠎ᠡ ᠨᠢᠭᠡᠴᠡ ᠳᠤ ᠱᠠᠭᠠᠷᠳᠠᠯᠭ᠎ᠠ ᠳᠤᠷᠠᠳᠴᠠᠶ᠃ ᠬᠤᠷᠠᠯ ᠳᠡᠭᠡᠷ᠎ᠡ ᠯᠢ ᠯᠢᠦ ᠰᠢᠶᠤᠤ ᠴᠢᠬᠤᠯᠠᠴᠢᠯᠠᠭᠰᠠᠨ ᠨᠢ᠂ ᠡᠨᠡ ᠬᠦ ᠠᠵᠢᠯ ᠢ ᠦᠵᠡᠯ ᠰᠠᠨᠠᠭᠠᠨ ᠳᠡᠭᠡᠷ᠎ᠡ ᠪᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯᠯᠠᠭ᠎ᠠ ᠳᠡᠭᠡᠷ᠎ᠡ ᠪᠠᠨ ᠦᠨᠡᠨ ᠪᠣᠳᠠᠲᠠᠶ ᠪᠠᠶᠢᠵᠤ᠂ ᠴᠢᠩᠭ᠎ᠠ ᠲᠤᠯᠭᠠᠮ᠎ᠠ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠡᠯ᠎ᠡ ᠵᠦᠢᠯ ᠤᠨ ᠬᠦᠰᠡᠯ ᠱᠠᠭᠠᠷᠳᠠᠯᠭ᠎ᠠ ᠶᠢ ᠦᠨᠡᠨ ᠬᠦ ᠰᠠᠶᠢᠲᠤᠷ ᠰᠢᠢᠳᠪᠦᠷᠢᠯᠡᠵᠦ᠂ ᠪᠥᠬᠦ ᠰᠢᠶᠠᠨ ᠤ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠭᠦᠢᠴᠡᠳᠬᠡᠬᠦ︾ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠵᠡᠶ᠃      ᠯᠢ ᠯᠢᠦ ᠰᠢᠶᠤᠤ ᠵᠢᠭᠠᠵᠤ ᠭᠠᠷᠭᠠᠭᠰᠠᠨ ᠨᠢ᠂ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠭᠦᠢᠴᠡᠳᠬᠡᠬᠦ︾ ᠠᠵᠢᠯ ᠢ ᠰᠠᠶᠢᠲᠤᠷ ᠬᠢᠬᠦ ᠨᠢ ᠪᠦᠬᠦ ᠰᠢᠶᠠᠨ ᠤ ᠥᠷᠭᠡᠨ ᠤᠯᠠᠨ ᠠᠷᠠᠳ ᠲᠦᠮᠡᠨ ᠤ ᠠᠰᠢᠭ ᠲᠤᠰᠠ ᠳᠤ ᠬᠤᠯᠪᠣᠭᠳᠠᠵᠤ᠂ ᠵᠠᠰᠠᠭ ᠤᠨ ᠣᠷᠳᠣᠨ ᠤ ᠲᠦᠷᠢ ᠲᠥᠷᠬᠦ ᠪᠠ ᠬᠤᠳᠠ ᠶᠢᠨ ᠵᠠᠰᠠᠯᠲᠠ ᠶᠢᠨ ᠴᠢᠳᠠᠪᠤᠷᠢ ᠳᠤ ᠬᠤᠯᠪᠣᠭᠳᠠᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠳᠤ ᠬᠤᠯᠪᠣᠭᠳᠠᠨ᠎ᠠ᠃ ᠡᠯ᠎ᠡ ᠨᠢᠭᠡᠴᠡ᠂ ᠡᠯ᠎ᠡ ᠰᠢᠶᠠᠩ ᠪᠠᠯᠭᠠᠰᠤ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ ᠤ ᠰᠢᠶᠠᠨ ᠤ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠭᠦᠢᠴᠡᠳᠬᠡᠬᠦ︾ ᠬᠡᠷᠡᠭ ᠢ ᠰᠢᠢᠳᠪᠦᠷᠢᠯᠡᠬᠦ ᠠᠵᠢᠯ ᠤᠨ ᠬᠦᠨᠳᠦ ᠨᠣᠴᠢᠲᠠᠶ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠴᠢᠩᠭ᠎ᠠ ᠤᠯᠤᠰ ᠲᠥᠷᠥ ᠶᠢᠨ ᠡᠭᠦᠷᠭᠡᠯᠡᠯ ᠢᠶᠠᠷ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠭᠦᠢᠴᠡᠳᠬᠡᠬᠦ︾ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠠᠷᠠᠳ ᠲᠦᠮᠡᠨ ᠢ ᠳᠡᠭᠡᠳᠦᠯᠡᠬᠦ︾ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠶᠢ ᠴᠠᠭ ᠢᠮᠠᠭᠲᠠ ᠪᠠᠲᠤ ᠴᠡᠭᠡᠵᠢᠯᠡᠵᠦ᠂ ᠣᠯᠠᠨ ᠲᠦᠮᠡᠨ ᠲᠠᠢ ᠢᠯᠡᠭᠦᠬᠡᠨ ᠨᠡᠪᠲᠡᠷᠡᠯᠴᠡᠨ ᠰᠣᠯᠢᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠢ ᠤᠬᠠᠭᠠᠷᠠᠭᠤᠯᠵᠤ᠂ ᠠᠷᠠᠳ ᠲᠦᠮᠡᠨ ᠳᠤ ᠦᠢᠯᠡᠴᠢᠯᠡᠬᠦ ᠬᠠᠶᠢᠷ᠎ᠠ ᠰᠡᠳᠬᠢᠯᠭᠡ ᠪᠠᠨ ᠬᠦᠰᠡᠯ ᠱᠠᠭᠠᠷᠳᠠᠯᠭ᠎ᠠ ᠨᠢᠭᠡᠪᠦᠷᠢ ᠶᠢ ᠰᠢᠢᠳᠪᠦᠷᠢᠯᠡᠬᠦ ᠳᠤᠮᠳᠠ ᠢᠯᠡᠷᠡᠭᠦᠯᠵᠦ᠂ ᠬᠠᠷᠢᠭᠤᠯᠲᠠ ᠥᠭᠬᠦ ᠨᠣᠷᠮ᠎ᠠ ᠪᠠ ᠰᠢᠢᠳᠪᠦᠷᠢᠯᠡᠵᠦ ᠳᠠᠭᠤᠰᠬᠠᠬᠤ ᠨᠣᠷᠮ᠎ᠠ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠪᠡ᠃      ᠯᠢ ᠯᠢᠦ ᠰᠢᠶᠤᠤ ᠵᠢᠭᠠᠵᠣ ᠭᠠᠷᠭᠠᠭᠰᠠᠨ ᠨᠢ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠠᠷᠢᠭᠤᠴᠠᠯᠭ᠎ᠠ ᠶᠢ ᠦᠨᠡᠨ ᠬᠦ ᠠᠳᠬᠤᠵᠤ᠂ ᠮᠥᠷᠥᠨ ᠳᠡᠭᠡᠨ ᠡᠭᠦᠷᠭᠡᠯᠡᠵᠦ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠭᠦᠢᠴᠡᠳᠬᠡᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ᠪᠣᠳᠠᠲᠠᠶ ᠶᠢ ᠡᠷᠬᠢᠮᠯᠡᠬᠦ ᠲᠤᠰᠠᠲᠠᠶ ᠠᠷᠭ᠎ᠠ ᠶᠢ ᠰᠤᠳᠤᠯᠵᠤ᠂ ᠣᠳᠣ ᠪᠠᠶᠢᠭ᠎ᠠ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠶ ᠭᠦᠢᠴᠡᠳᠬᠡᠬᠦ︾ ᠠᠵᠢᠯ ᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠪᠦᠬᠦ ᠰᠢᠶᠠᠨ ᠤ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠶ ᠭᠦᠢᠴᠡᠳᠬᠡᠬᠦ︾ ᠠᠵᠢᠯ ᠢ ᠯᠠᠪᠳᠠᠭᠤᠨ ᠢᠶᠠᠷ ᠳᠡᠭᠡᠭᠰᠢᠯᠡᠭᠦᠯᠬᠦ ᠬᠡᠷᠡᠭᠲᠡᠶ ᠭᠡᠵᠡᠢ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠯᠢᠦ ᠫᠧᠩ ᠹᠸᠢ 2021 ᠣᠨ ᠤ 1 ᠳ᠋ᠦ᠋ᠭᠡᠷ ᠰᠠᠷ᠎ᠠ ᠳᠤ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠶ ᠭᠦᠢᠴᠡᠳᠬᠡᠬᠦ︾ ᠬᠠᠮᠢᠶ᠎ᠠ ᠪᠥᠬᠦᠶ ᠪᠠᠶᠢᠳᠠᠯ ᠢ ᠮᠡᠳᠡᠭᠳᠡᠪᠡ︔ ᠡᠯ᠎ᠡ ᠬᠤᠯᠪᠣᠭᠳᠠᠯ ᠪᠦᠬᠦᠢ ᠰᠢᠶᠠᠩ ᠪᠠᠯᠭᠠᠰᠤ ᠪᠠ ᠨᠢᠭᠡᠴᠡ ᠶᠢᠨ ᠬᠠᠷᠢᠭᠤᠴᠠᠯᠭᠠᠲᠠᠨ ᠬᠤᠭᠤᠴᠠᠭ᠎ᠠ ᠬᠡᠲᠦᠷᠡᠭᠦᠯᠦᠨ ᠰᠢᠢᠳᠪᠦᠷᠢᠯᠡᠵᠦ ᠳᠠᠭᠤᠰᠬᠠᠭᠰᠠᠨ᠂ ᠬᠡᠷᠡᠭ ᠢ ᠰᠢᠢᠳᠪᠦᠷᠢᠯᠡᠵᠦ ᠳᠠᠭᠤᠰᠬᠠᠭᠰᠠᠨ ᠦᠭᠡᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃      ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号