ᠮᠠᠨ ᠤ ᠬᠤᠲᠠ ᠶᠢᠨ ᠳᠤᠮᠳᠠ ᠵᠢᠵᠢᠭ ᠠᠵᠤ ᠠᠬᠤᠶᠢᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠰᠢᠨ᠎ᠡ ᠳᠡᠭᠲᠡᠷ ᠲᠤ ᠭᠠᠷᠪᠠ
ᠨᠡᠶᠢᠲᠡᠯᠡᠭᠰᠡᠨ ᠴᠠᠭ᠄
2021/1/28
      2020 ᠣᠨ ᠳᠤ ᠮᠠᠨ ᠤ ᠬᠤᠲᠠ ᠶᠢᠨ ᠵᠢᠨᠴᠢᠶᠤᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ︽ᠤᠯᠤᠰ ᠤᠨ ᠵᠢᠵᠢᠭ ᠪᠢᠴᠢᠯ ᠬᠡᠯᠪᠡᠷᠢ ᠶᠢᠨ ᠠᠵᠤ ᠠᠬᠤᠶᠢᠯᠠᠯ ᠤᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠢᠶᠠᠷ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠥᠪᠥᠷ ᠮᠣᠩᠭᠤᠯ ᠤᠨ ᠢᠲᠡᠭᠡᠮᠵᠢ ᠶᠢᠨ ᠬᠤᠳᠠᠯᠳᠤᠭᠠᠴᠢᠳ ᠤᠨ ᠡᠪᠯᠡᠯ ︽ᠤᠯᠤᠰ ᠤᠨ ᠲᠠᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠠᠪᠴᠠᠩ︾ ᠢᠶᠠᠷ ᠠᠮᠵᠢᠯᠲᠠ ᠲᠠᠢ ᠭᠤᠶᠤᠴᠢᠯᠠᠨ ᠮᠡᠳᠡᠭᠦᠯᠪᠡ᠂ ᠡᠨᠡ ᠨᠢ ᠮᠠᠨ ᠤ ᠬᠤᠲᠠ ᠶᠢᠨ ᠳᠤᠮᠳᠠ ᠵᠢᠵᠢᠭ ᠠᠵᠤ ᠠᠬᠤᠶᠢᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ᠃      ᠣᠶᠢᠷ᠎ᠠ ᠶᠢᠨ ᠵᠢᠯ ᠲᠤᠷᠰᠢ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠤᠬᠠᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ ᠂ ᠤᠷᠢᠳ ᠬᠤᠵᠢᠳ ︽ᠬᠥᠬᠡᠬᠤᠲᠠ ᠶᠢᠨ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠠᠪᠴᠠᠩ ᠢ ᠦᠨᠡᠯᠡᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾᠂ ︽ᠬᠥᠬᠡᠬᠤᠲᠠ ᠶᠢᠨ ᠵᠢᠵᠢᠭ ᠪᠢᠴᠢᠯ ᠬᠡᠯᠪᠡᠷᠢ ᠶᠢᠨ ᠠᠵᠤ ᠠᠬᠤᠶᠢᠯᠠᠯ ᠤᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠦᠨᠡᠯᠡᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠵᠦ᠂ ᠡᠯ᠎ᠡ ᠦᠢᠯᠡᠰ ᠴᠣᠭᠴᠠᠯᠠᠬᠤ ᠠᠴᠢᠶᠠᠯᠠᠪᠤᠷᠢ ᠶᠢᠨ ︽ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ᠂ ᠬᠠᠮᠵᠢᠯᠴᠠᠨ ᠦᠢᠯᠡᠴᠢᠯᠡᠬᠦ︾ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠲᠠᠪᠴᠠᠩ ᠤᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠪᠡ᠃ ᠡᠭᠦᠨ ᠤ ᠬᠠᠮᠲᠤ᠂ ᠵᠢᠯ ᠪᠦᠷᠢ ᠦᠢᠯᠡᠴᠢᠯᠡᠭᠡ ᠨᠢ ᠴᠢᠨᠠᠷ ᠰᠠᠶᠢᠲᠠᠶ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢᠶᠠᠷ ᠴᠢᠩᠭ᠎ᠠ ᠬᠤᠲᠠ ᠶᠢᠨ ᠱᠠᠲᠤᠨ ᠤ ᠰᠠᠭᠤᠷᠢᠨ ᠭᠠᠵᠠᠷ᠂ ᠲᠠᠪᠴᠠᠩ ᠢ ᠰᠣᠩᠭᠤᠨ ᠭᠤᠣᠯᠴᠢᠯᠠᠨ ᠪᠤᠶᠢᠵᠢᠭᠤᠯᠵᠤ᠂ ᠲᠡᠭᠦᠨ ᠢ ᠥᠪᠡᠷᠲᠡᠭᠡᠨ ᠵᠠᠰᠠᠬᠤ ᠣᠷᠣᠨ᠂ ᠤᠯᠤᠰ ᠤᠨ ᠲᠠᠰ ᠤᠨ ᠦᠢᠯᠡᠰ ᠴᠣᠭᠴᠠᠯᠠᠬᠤ ᠠᠴᠢᠶᠠᠯᠠᠪᠤᠷᠢ ᠪᠠᠷ ᠭᠤᠶᠤᠴᠢᠯᠠᠨ ᠮᠡᠳᠡᠭᠦᠯᠵᠦ᠂ ︽ᠤᠯᠤᠰ ᠨᠠᠷᠠᠲᠤ︾ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠪᠠ᠃ 2020 ᠣᠨ ᠳᠤ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ︽ᠬᠢᠵᠢᠭ ᠤᠨ ᠪᠠᠶᠢᠳᠠᠯ ᠢ ᠠᠷᠭᠠᠴᠠᠭᠠᠵᠤ ᠳᠤᠮᠳᠠ ᠵᠢᠵᠢᠭ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠳᠡᠮᠵᠢᠬᠦ ᠲᠤᠬᠠᠶ ᠬᠥᠬᠡᠬᠤᠲᠠ ᠶᠢᠨ ᠵᠠᠰᠠᠭ ᠤᠨ ᠣᠷᠳᠣᠨ ᠤ ᠠᠷᠪᠠᠨ ᠲᠠᠪᠤᠨ ᠵᠤᠷᠪᠤᠰ ᠠᠷᠭ᠎ᠠ ᠬᠡᠮᠵᠢᠶ᠎ᠡ ︾ ᠶᠢᠨ ᠵᠣᠷᠢᠭ ᠰᠠᠨᠠᠭ᠎ᠠ ᠶᠢ ᠢᠳᠡᠪᠬᠢᠲᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠢᠶᠠᠷ ᠭᠤᠤᠯ ᠤᠳᠤᠷᠢᠳᠤᠮᠵᠢ ᠪᠣᠯᠭᠠᠭᠰᠠᠨ 5 ᠦᠢᠯᠡᠰ ᠴᠣᠭᠴᠠᠯᠠᠬᠤ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠠᠵᠤ ᠠᠬᠤᠶᠢᠯᠠᠯ ᠳᠤ 2020 ᠣᠨ ᠤ ᠠᠳᠠᠯ ᠠᠬᠤᠶ ᠶᠢᠨ ᠵᠠᠷᠤᠳᠠᠯ ᠳᠤ ᠨᠢ 267 ᠲᠦᠮᠡᠨ ᠲᠥᠭᠦᠷᠢᠭ ᠤᠨ ᠨᠥᠬᠦᠪᠥᠷᠢ ᠥᠭᠴᠦ᠂ 353 ᠠᠵᠤ ᠠᠬᠤᠶᠢᠯᠠᠯ ᠳᠤ ᠠᠰᠢᠭ ᠬᠦᠷᠲᠡᠭᠡᠪᠡ᠃      ᠣᠳᠣᠬᠠᠨ ᠪᠣᠯᠲᠠᠯ᠎ᠠ᠂ ᠪᠦᠬᠦ ᠬᠤᠲᠠ 28 ᠵᠢᠵᠢᠭ ᠬᠡᠯᠪᠡᠷᠢ ᠶᠢᠨ ᠪᠠ ᠪᠢᠴᠢᠯ ᠬᠡᠯᠪᠡᠷᠢ ᠶᠢᠨ ᠠᠵᠤ ᠠᠬᠤᠶᠢᠯᠠᠯ ᠤᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ︵ᠤᠯᠤᠰ ᠤᠨ ᠲᠠᠰ ᠤᠨ 2 ᠰᠠᠭᠤᠷᠢᠨ ᠭᠠᠵᠠᠷ︶ ᠢ ᠪᠠᠶᠢᠭᠤᠯᠵᠤ᠂ 36 ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠠᠪᠴᠠᠩ ︵ᠤᠯᠤᠰ ᠤᠨ ᠲᠠᠰ ᠤᠨ 3 ᠵᠢᠱᠢᠶ᠎ᠡ ᠦᠵᠡᠭᠦᠯᠬᠦ ᠲᠠᠪᠴᠠᠩ︶ ᠢ ᠦᠨᠡᠯᠡᠨ ᠲᠣᠭᠲᠠᠭᠠᠵᠤ᠂ ᠮᠡᠳᠡᠭᠡ ᠵᠠᠩᠭᠢ ᠰᠠᠭᠠᠳ ᠥᠬᠡᠶ ᠨᠡᠪᠲᠡᠷᠡᠭᠰᠡᠨ᠂ ᠴᠢᠳᠠᠮᠵᠢ ᠨᠢ ᠪᠦᠷᠢᠨ ᠲᠡᠭᠦᠯᠳᠡᠷ᠂ ᠦᠢᠯᠡᠴᠢᠯᠡᠭᠡ ᠨᠢ ᠬᠠᠮᠵᠢᠯᠴᠠᠭᠰᠠᠨ᠂ ᠨᠡᠯᠢᠶᠡᠳ ᠴᠢᠩᠭ᠎ᠠ ᠨᠡᠶᠢᠭᠡᠮ ᠤᠨ ᠨᠥᠯᠥᠭᠡᠯᠡᠬᠦ ᠬᠦᠴᠦᠨ ᠲᠠᠢ ᠳᠤᠮᠳᠠ ᠵᠢᠵᠢᠭ ᠠᠵᠤ ᠠᠬᠤᠶᠢᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠦᠲᠦᠴᠡ ᠶᠢ ᠪᠣᠶ ᠪᠣᠯᠭᠠᠪᠠ᠃
 
ᠢᠷᠡᠯᠲᠡ᠄ ᠥᠪᠥᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号