ᠮᠡᠳᠡᠭᠦᠯᠦᠯᠲᠡ᠄ 2020 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢᠨ  ᠪᠠᠶᠢᠳᠠᠯ ᠤᠨ ᠵᠢᠭᠠᠯᠲᠠ ᠲᠤᠭ᠎ᠠ ᠰᠠᠷ᠎ᠠ ᠳᠠᠷᠠᠭᠠᠯᠠᠨ ᠨᠡᠮᠡᠭᠳᠡᠵᠦ ᠪᠠᠶᠢᠨ᠎ᠠ
ᠨᠡᠶᠢᠲᠡᠯᠡᠭᠰᠡᠨ ᠴᠠᠭ᠄
2021/1/28
      ᠣᠶᠢᠷ᠎ᠠ ᠳᠤ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠳᠤᠮᠳᠠᠳᠤ ᠤᠯᠤᠰ ᠤᠨ ᠠᠵᠢᠯ ᠣᠯᠭᠤᠯᠲᠠ ᠶᠢᠨ ᠰᠤᠳᠤᠯᠭᠠᠨ ᠤ ᠭᠠᠵᠠᠷ ᠪᠣᠯᠤᠨ ᡁᠢ ᠯᠢᠶᠠᠨ ᠠᠵᠢᠯᠲᠠᠨ ᠡᠯᠰᠡᠬᠦ ᠬᠤᠯᠪᠣᠭᠠᠲᠤ ᠺᠣᠮᠫᠠᠨᠢ ᠶᠢᠨ ᠬᠢᠨ ᠬᠠᠮᠲᠤᠷᠠᠨ ᠨᠡᠶᠢᠲᠡᠯᠡᠭᠰᠡᠨ ︽2020 ᠣᠨ ᠤ ᠳᠥᠷᠪᠡᠳᠦᠭᠡᠷ ᠤᠯᠠᠷᠢᠯ ᠤᠨ ᠲᠡᠭᠦᠰᠬᠦ ᠤᠶᠤᠳᠠᠳ ᠤᠨ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠤᠨ ᠪᠠᠶᠢᠳᠠᠯ ᠤᠨ ᠲᠤᠬᠠᠢ ᠮᠡᠳᠡᠭᠦᠯᠦᠯᠲᠡ︾ ᠳᠤ ᠢᠯᠡᠷᠡᠭᠦᠯᠦᠭᠰᠡᠨ ᠢᠶᠠᠷ᠂ 2020 ᠣᠨ ᠤ ᠳᠥᠷᠪᠡᠳᠦᠭᠡᠷ ᠤᠯᠠᠷᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ CIER ᠵᠢᠭᠠᠯᠲᠠ ᠲᠤᠭ᠎ᠠ ︵ᠳᠤᠮᠳᠠᠳᠤ ᠤᠯᠤᠰ ᠤᠨ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠤᠨ ᠪᠠᠶᠢᠳᠠᠯ ᠤᠨ ᠵᠢᠭᠠᠯᠲᠠ ᠲᠤᠭ᠎ᠠ︶ ᠨᠢ ᠴᠥᠮ ᠠᠳᠠᠯᠢ ᠬᠤᠭᠤᠴᠠᠭ᠎ᠠ ᠪᠠ ᠲᠦᠷᠦᠬᠦᠦ ᠰᠠᠷ᠎ᠠ ᠶᠢᠨ ᠬᠢ ᠠᠴᠠ ᠪᠠᠨ ᠳᠡᠭᠡᠭᠰᠢᠯᠡᠭᠰᠡᠨ ᠪᠠᠶᠢᠨ᠎ᠠ᠃ ᠰᠠᠷ᠎ᠠ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠤᠯᠤᠰ ᠤᠨ ᠳᠣᠲᠣᠭᠠᠳᠤ ᠶᠢᠨ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠦᠷᠭᠦᠯᠵᠢᠯᠡᠨ ᠰᠠᠶᠢᠵᠢᠷᠠᠬᠤ ᠶᠢ ᠳᠠᠭᠠᠯᠳᠤᠨ᠂ ᠤᠯᠤᠰ ᠤᠨ ᠲᠥᠷᠥ ᠶᠢᠨ ᠪᠣᠳᠣᠯᠭ᠎ᠠ ᠶᠢᠨ ᠬᠦᠴᠦᠲᠡᠶ ᠳᠡᠮᠵᠢᠯᠭᠡ ᠳᠣᠤᠷ᠎ᠠ᠂ 4 ᠰᠠᠷ᠎ᠠ ᠠᠴᠠ 11 ᠰᠠᠷ᠎ᠠ ᠪᠣᠯᠲᠠᠯᠠᠬᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠭᠤᠯᠳᠠ ᠶᠢᠨ ᠪᠠᠶᠢᠳᠠᠯ ᠰᠠᠷ᠎ᠠ ᠳᠠᠷᠠᠭᠠᠯᠠᠨ ᠲᠡᠭᠡᠭᠰᠢᠯᠡᠵᠦ᠂ 11 ᠰᠠᠷ᠎ᠠ ᠳᠤ 2.40 ᠳᠤ ᠬᠦᠷᠴᠡᠶ᠂ ᠭᠡᠪᠡᠴᠦ 12 ᠰᠠᠷ᠎ᠠ ᠳᠤ ᠬᠡᠰᠡᠭ ᠮᠤᠵᠢ ᠬᠤᠲᠠ ᠳᠤ ᠲᠠᠷᠠᠬᠠᠶ ᠪᠤᠲᠠᠷᠬᠠᠶ ᠬᠢᠵᠢᠭ ᠭᠠᠷᠤᠭᠰᠠᠨ ᠠᠴᠠ ᠪᠣᠯᠵᠣ᠂ ᠬᠡᠰᠡᠭ ᠠᠵᠤ ᠠᠬᠤᠶᠢᠯᠠᠯ ᠤᠨ ᠬᠦᠮᠦᠨ ᠬᠡᠷᠡᠭᠯᠡᠬᠦ ᠬᠡᠷᠡᠭᠴᠡᠭᠡ ᠢᠯᠡᠳᠲᠡ ᠪᠠᠭᠤᠷᠠᠬᠰᠠᠨ ᠪᠠᠶᠢᠨ᠎ᠠ᠃      ᠠᠵᠢᠯ ᠲᠦᠷᠦᠯ ᠪᠠ ᠠᠵᠢᠯ ᠮᠡᠷᠭᠡᠵᠢᠯ ᠠᠴᠠ ᠨᠢ ᠠᠪᠴᠤ ᠬᠡᠯᠡᠪᠡᠯ᠂ 2020 ᠣᠨ ᠤ ᠳᠥᠷᠪᠡᠳᠦᠭᠡᠷ ᠤᠯᠠᠷᠢᠯ ᠳᠤ ᠵᠠᠭᠤᠴᠢ ᠦᠢᠯᠡᠴᠢᠯᠡᠭᠡᠨ ᠤ ᠦᠢᠯᠡᠰ ᠤᠨ ᠪᠠᠶᠢᠳᠠᠯ ᠬᠠᠮᠤᠭ ᠤᠨ ᠶᠡᠭᠡ ᠬᠦ᠋ᠭᠵᠢᠭᠡᠨᠳᠡᠢ ᠪᠠᠶᠢᠵᠤ᠂ ᠵᠠᠮ ᠲᠡᠭᠡᠭᠡᠪᠦᠷᠢ᠂ ᠵᠢᠭᠤᠯᠴᠢᠯᠠᠯ ᠠᠮᠠᠷᠠᠯᠲᠠ ᠶᠢᠨ ᠦᠢᠯᠡᠰ ᠤᠨ ᠬᠥᠭᠵᠢᠯᠲᠡ ᠶᠢᠨ ᠪᠠᠶᠢᠳᠠᠯ ᠪᠠᠭ᠋ᠠᠨ ᠳᠡᠭᠡᠭᠰᠢᠯᠡᠯᠳᠡ ᠲᠠᠢ ᠪᠤᠯᠪᠠ︔  ᠵᠠᠭᠤᠴᠢ ᠦᠢᠯᠡᠴᠢᠯᠡᠭᠡ᠂ ᠪᠣᠯᠪᠠᠰᠤᠷᠠᠯ ᠤᠨ ᠲᠥᠷᠥᠯ ᠤᠨ ᠠᠵᠢᠯ ᠮᠡᠷᠭᠡᠵᠢᠯ ᠤᠨ ᠠᠵᠢᠯ ᠣᠯᠭᠤᠯᠲᠠ ᠠᠭᠤᠵᠢᠭᠤ ᠲᠠᠯᠪᠢᠭᠤ ᠪᠤᠯᠵᠤ᠂ ᠰᠠᠶᠢᠨ ᠳᠤᠷᠠᠴᠤᠳ / ᠨᠡᠶᠢᠭᠡᠮ ᠤᠨ ᠠᠵᠢᠯ ᠤᠨ ᠲᠥᠷᠥᠯ ᠤᠨ ᠠᠵᠢᠯ ᠮᠡᠷᠭᠡᠵᠢᠯ ᠤᠨ ᠠᠵᠢᠯ ᠣᠯᠭᠤᠯᠲᠠ ᠶᠢᠨ ᠪᠠᠶᠢᠳᠠᠯ ᠠᠨᠠᠢ ᠪᠤᠯᠪᠠ᠃ 2020 ᠣᠨ ᠳᠤ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠠᠵᠢᠯ ᠲᠥᠷᠥᠯ ᠲᠦᠷᠦᠬᠦᠨ ᠤ ᠪᠠᠶᠢᠷᠢ ᠪᠠᠨ ᠪᠠᠲᠤᠯᠠᠵᠤ᠂ ᠰᠢᠨ᠎ᠡ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠠᠵᠢᠯ ᠲᠥᠷᠥᠯ ᠨᠢ ᠠᠵᠢᠯ ᠣᠯᠭᠤᠯᠲᠠ ᠶᠢᠨ ᠨᠡᠮᠡᠭᠳᠡᠯ ᠤᠨ ᠴᠡᠭ ᠪᠣᠯᠪᠠ︔  ᠵᠠᠭᠤᠴᠢ ᠦᠢᠯᠡᠴᠢᠯᠡᠭᠡ᠂ ᠪᠤᠷᠤᠯᠠᠭᠤᠯᠭ᠎ᠠ ᠶᠢᠨ ᠲᠥᠷᠥᠯ ᠤᠨ ᠠᠵᠢᠯ ᠣᠯᠭᠤᠯᠳᠡ ᠶᠢᠨ ᠪᠠᠶᠢᠳᠠᠯ ᠨᠡᠯᠢᠶᠡᠳ ᠰᠠᠶᠢᠨ ᠪᠠᠶᠢᠵᠤ᠂ IT ᠬᠠᠮᠢᠶᠠᠷᠤᠯᠲᠠ ᠶᠢᠨ ᠲᠥᠷᠥᠯ ᠤᠨ ᠠᠵᠢᠯ ᠮᠡᠷᠭᠡᠵᠢᠯ ᠤᠨ ᠠᠵᠢᠯ ᠣᠯᠭᠤᠯᠳᠡ ᠶᠢᠨ ᠥᠷᠢᠰᠥᠯᠳᠦᠭᠡᠨ ᠬᠤᠷᠴᠠ ᠰᠢᠷᠦᠭᠦᠨ ᠪᠤᠯᠵᠤ ᠪᠠᠶᠢᠨ᠎ᠠ᠃      ᠣᠷᠣᠨ ᠪᠦᠰᠡ ᠪᠠ ᠬᠤᠲᠠ ᠶᠢᠨ ᠬᠤᠪᠢᠶᠠᠷᠢᠯᠠᠯ ᠠᠴᠠ ᠨᠢ ᠠᠪᠴᠤ  ᠬᠡᠯᠡᠪᠡᠯ᠂ ᠳᠥᠷᠪᠡᠳᠦᠭᠡᠷ ᠤᠯᠠᠷᠢᠯ ᠳᠤ ᠵᠡᠭᠦᠨ ᠬᠡᠰᠡᠭ ᠤᠨ ᠭᠠᠵᠠᠷ ᠣᠷᠣᠨ᠂ ᠳᠤᠮᠳᠠ ᠬᠡᠰᠡᠭ ᠤᠨ ᠭᠠᠵᠠᠷ ᠣᠷᠣᠨ᠂ ᠪᠠᠷᠠᠭᠤᠨ ᠬᠡᠰᠡᠭ ᠤᠨ ᠭᠠᠵᠠᠷ ᠣᠷᠣᠨ᠂ ᠵᠡᠭᠦᠨ ᠬᠤᠶᠢᠲᠤ ᠣᠷᠣᠨ ᠤ ᠠᠵᠢᠯ ᠣᠯᠭᠤᠯᠲᠠ ᠶᠢᠨ ᠪᠠᠶᠢᠳᠠᠯ ᠤᠨ ᠵᠢᠭᠠᠯᠳᠠ ᠲᠤᠭ᠎ᠠ ᠳᠠᠷᠠᠭᠠᠯᠠᠨ ᠪᠠᠭᠤᠷᠠᠪᠠ︔ ᠪᠡᠭᠡᠵᠢᠩ ᠲᠢᠶᠠᠨᠵᠢᠨ ᠾᠧᠪᠸᠢ ᠶᠢᠨ ᠠᠵᠢᠯ ᠣᠯᠭᠤᠯᠲᠠ ᠶᠢᠨ ᠪᠠᠶᠢᠳᠠᠯ ᠨᠡᠯᠢᠶᠡᠳ ᠠᠨᠠᠢ ᠪᠠᠶᠢᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠪᠠ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠠᠵᠢᠯ ᠣᠯᠭᠤᠯᠲᠠ ᠶᠢᠨ ᠪᠠᠶᠢᠳᠠᠯ ᠨᠡᠯᠢᠶᠡᠳ ᠰᠠᠶᠢᠨ ᠪᠠᠶᠢᠨ᠎ᠠ︔ ᠨᠢᠭᠡᠳᠦᠭᠡᠷ ᠳᠡᠰ ᠤᠨ ᠬᠤᠲᠠ ᠶᠢᠨ ᠠᠵᠢᠯ ᠡᠷᠢᠬᠦ ᠥᠷᠢᠰᠥᠯᠳᠦᠭᠡᠨ ᠬᠤᠷᠴᠠ ᠰᠢᠷᠦᠭᠦᠨ ᠪᠠᠶᠢᠵᠤ᠂ ᠬᠤᠶᠠᠳᠤᠭᠠᠷ᠂ ᠭᠤᠷᠪᠠᠳᠤᠭᠠᠷ ᠳᠡᠰ ᠤᠨ ᠬᠤᠲᠠ ᠶᠢᠨ ᠠᠵᠢᠯ ᠤᠯᠭᠤᠯᠳᠠ ᠶᠢᠨ ᠪᠠᠶᠢᠳᠠᠯ ᠨᠡᠯᠢᠶᠡᠳ ᠰᠠᠶᠢᠨ ᠪᠠᠶᠢᠨ᠎ᠠ᠃ 2020 ᠣᠨ ᠳᠤ ᠵᠡᠭᠦᠨ ᠬᠡᠰᠡᠭ ᠤᠨ ᠭᠠᠵᠠᠷ ᠣᠷᠣᠨ᠂ ᠳᠤᠮᠳᠠ ᠬᠡᠰᠡᠭ ᠤᠨ ᠭᠠᠵᠠᠷ ᠣᠷᠣᠨ ᠤ ᠠᠵᠢᠯ ᠣᠯᠭᠤᠯᠲᠠ ᠶᠢᠨ ᠪᠠᠶᠢᠳᠠᠯ ᠠᠳᠠᠯᠢ ᠬᠤᠭᠤᠴᠠᠭᠠᠨ ᠤ ᠬᠢ ᠠᠴᠠ ᠪᠠᠨ ᠮᠡᠳᠡᠭᠳᠡᠮ᠎ᠡ ᠪᠠᠭᠤᠷᠠᠵᠤ᠂ ᠪᠠᠷᠠᠭᠤᠨ ᠬᠡᠰᠡᠭ ᠤᠨ ᠭᠠᠵᠠᠷ ᠣᠷᠣᠨ ᠪᠠ ᠵᠡᠭᠦᠨ ᠬᠤᠶᠢᠲᠤ ᠣᠷᠣᠨ ᠲᠡᠮᠡᠢ ᠶᠡᠭᠡ ᠬᠤᠪᠢᠷᠠᠯᠳᠠ ᠦᠭᠡᠢ ᠪᠠᠶᠢᠨ᠎ᠠ︔ ᠪᠡᠭᠡᠵᠢᠩ ᠲᠢᠶᠠᠨᠵᠢᠨ ᠾᠧᠪᠸᠢ ᠶᠢᠨ ᠠᠵᠢᠯᠲᠠᠨ ᠡᠯᠰᠡᠬᠦ ᠬᠡᠷᠡᠭᠴᠡᠭᠡ ᠵᠢᠭᠠᠬᠠᠨ ᠳᠡᠭᠡᠭᠰᠢᠯᠡᠵᠦ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠠᠵᠢᠯ ᠣᠯᠭᠤᠯᠲᠠ ᠶᠢᠨ ᠪᠠᠶᠢᠳᠠᠯ ᠢᠯᠡᠳᠲᠡ ᠠᠨᠠᠢ ᠪᠤᠯᠪᠠ︔ ᠰᠢᠨ᠎ᠡ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠬᠤᠲᠠ ᠶᠢᠨ ᠠᠵᠢᠯ ᠣᠯᠭᠤᠯᠲᠠ ᠶᠢᠨ ᠪᠠᠶᠢᠳᠠᠯ ᠠᠳᠠᠯᠢ ᠬᠤᠭᠤᠴᠠᠭᠠᠨ ᠤ ᠬᠢ ᠠᠴᠠ ᠪᠠᠨ ᠠᠨᠠᠢ ᠪᠤᠯᠵᠤ᠂ ᠵᠡᠭᠦᠨ ᠬᠤᠶᠢᠲᠤ ᠣᠷᠣᠨ ᠤ ᠬᠤᠲᠠ ᠶᠢᠨ ᠴᠢᠳᠠᠪᠤᠷᠢᠲᠠᠨ ᠭᠠᠳᠠᠭᠰᠢ ᠶᠠᠪᠤᠵᠤ ᠪᠠᠶᠢᠨ᠎ᠠ᠃      ᠠᠵᠤ ᠠᠬᠤᠶᠢᠯᠠᠯ ᠤᠨ ᠬᠡᠪᠴᠢᠶ᠎ᠡ ᠪᠠ ᠰᠢᠨᠵᠢ ᠴᠢᠨᠠᠷ ᠠᠴᠠ ᠨᠢ ᠠᠪᠴᠤ ᠬᠡᠯᠡᠪᠡᠯ᠂ ᠳᠥᠷᠪᠡᠳᠦᠭᠡᠷ ᠤᠯᠠᠷᠢᠯ ᠳᠤ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠠᠵᠢᠯ ᠣᠯᠭᠤᠯᠲᠠ ᠶᠢᠨ ᠪᠠᠶᠢᠳᠠᠯ ᠨᠡᠯᠢᠶᠡᠳ ᠰᠠᠶᠢᠨ ᠪᠠᠶᠢᠵᠤ᠂ ᠳᠤᠮᠳᠠ ᠪᠠᠭ᠎ᠠ ᠵᠢᠵᠢᠭ ᠬᠡᠯᠪᠡᠷᠢ ᠶᠢᠨ ᠠᠵᠤ ᠠᠬᠤᠶᠢᠯᠠᠯ ᠤᠨ ᠠᠵᠢᠯ ᠣᠯᠭᠤᠯᠲᠠ ᠶᠢᠨ ᠪᠠᠶᠢᠳᠠᠯ ᠨᠡᠯᠢᠶᠡᠳ ᠠᠨᠠᠶ ᠪᠠᠶᠢᠨ᠎ᠠ︔ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠵᠢᠯ ᠣᠯᠭᠤᠯᠲᠠ ᠶᠢᠨ ᠪᠠᠶᠢᠳᠠᠯ ᠨᠡᠯᠢᠶᠡᠳ ᠰᠠᠶᠢᠨ ᠪᠠᠶᠢᠵᠤ᠂ ᠤᠯᠤᠰ ᠤᠨ ᠥᠮᠴᠢᠯᠡᠯ ᠤᠨ ᠪᠠ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠠᠵᠢᠯ ᠣᠯᠭᠤᠯᠲᠠ ᠶᠢᠨ ᠥᠷᠢᠰᠥᠯᠳᠦᠭᠡᠨ ᠬᠤᠷᠴᠠ ᠰᠢᠷᠦᠭᠦᠨ ᠪᠤᠯᠵᠤ ᠪᠠᠶᠢᠨ᠎ᠠ᠃ 2020 ᠣᠨ ᠤ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠠᠵᠢᠯᠲᠠᠨ ᠡᠯᠰᠡᠬᠦ ᠬᠡᠷᠡᠭᠴᠡᠭᠡ ᠪᠠ ᠠᠵᠢᠯ ᠡᠷᠢᠬᠦ ᠬᠠᠩᠭᠠᠯᠭ᠎ᠠ ᠴᠥᠮ ᠳᠡᠭᠡᠭᠰᠢᠯᠡᠵᠦ᠂ ᠵᠢᠵᠢᠭ ᠠᠵᠤ ᠠᠬᠤᠶᠢᠯᠠᠯ ᠤᠨ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠴᠥᠮ ᠪᠠᠭᠤᠷᠠᠪᠠ︔ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠤᠷᠢᠵᠤ ᠬᠡᠷᠡᠭᠯᠡᠬᠦ ᠬᠡᠷᠡᠭᠴᠡᠭᠡ ᠵᠢᠭᠠᠬᠠᠨ ᠳᠡᠭᠡᠭᠰᠢᠯᠡᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠩᠭᠠᠯᠭ᠎ᠠ ᠢᠯᠡᠳᠲᠡ ᠨᠡᠮᠡᠭᠳᠡᠪᠡ᠃      2020 ᠣᠨ ᠤ ᠡᠬᠢ ᠪᠠᠷ ᠬᠢᠵᠢᠭ ᠤᠨ  ᠲᠠᠭᠠᠷᠢᠯᠳᠠ ᠠᠴᠠ ᠪᠤᠯᠵᠤ᠂ ᠣᠬᠤᠷᠬᠠᠨ ᠬᠤᠭᠤᠴᠠᠭᠠᠨ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠴᠥᠮ ᠵᠣᠬᠢᠬᠤ ᠬᠡᠮᠵᠢᠶ᠎ᠡ ᠪᠠᠷ ᠨᠥᠯᠥᠭᠡᠯᠡᠭᠳᠡᠪᠡ᠃ ᠭᠡᠪᠡᠴᠦ ᠬᠢᠵᠢᠭ ᠢ ᠰᠡᠷᠭᠡᠶᠢᠯᠡᠨ ᠬᠤᠷᠢᠬᠯᠠᠬᠤ ᠪᠠ ᠤᠯᠤᠰ ᠤᠨ ᠲᠦᠷᠦ ᠶᠢᠨ ᠪᠤᠳᠤᠯᠭ᠎ᠠ ᠶᠢᠨ ᠦᠢᠯᠡᠳᠦᠯ ᠳᠣᠣᠷ᠎ᠠ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢᠨ ᠵᠢᠭᠠᠯᠲᠠ ᠲᠤᠭ᠎ᠠ ᠰᠠᠷ᠎ᠠ ᠳᠠᠷᠠᠭᠠᠯᠠᠨ ᠨᠡᠮᠡᠭᠳᠡᠵᠦ ᠪᠠᠶᠢᠨ᠎ᠠ᠃ ᠡᠭᠦᠨ ᠤ ᠵᠡᠷᠭᠡᠪᠡᠷ᠂ ᠠᠵᠢᠯ ᠣᠯᠭᠤᠯᠲᠠ ᠶᠢᠨ ᠳᠠᠷᠤᠯᠲᠠ ᠮᠥᠨ ᠯᠡ ᠨᠡᠯᠢᠶᠡᠳ ᠶᠡᠭᠡ ᠪᠠᠶᠢᠬᠰᠠᠭᠠᠷ ᠪᠦᠭᠡᠳ ᠪᠦᠲᠦᠴᠡ ᠶᠢᠨ ᠴᠢᠨᠠᠷᠲᠠᠢ ᠵᠥᠷᠢᠴᠡᠯ ᠮᠥᠨ ᠯᠡ ᠲᠤᠪᠤᠶᠢᠮ᠎ᠠ ᠪᠠᠶᠢᠨ᠎ᠠ᠃      ᠮᠡᠳᠡᠭᠦᠯᠦᠯᠲᠡ ᠳᠤ᠂ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠵᠠᠰᠠᠭ ᠤᠨ ᠣᠷᠳᠣᠨ ᠤᠶᠤᠲᠠᠳ ᠤᠨ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠳᠠᠮᠵᠢᠭᠤᠯᠬᠤ ᠪᠠ ᠰᠢᠯᠵᠢᠭᠦᠯᠬᠦ ᠶᠢ ᠴᠢᠩᠭᠠᠳᠬᠠᠵᠤ ᠂ ᠠᠵᠢᠯ ᠡᠷᠢᠭᠰᠡᠳ ᠪᠣᠯᠤᠨ ᠬᠥᠮᠦᠨ ᠬᠡᠷᠡᠭᠯᠡᠬᠦ ᠨᠢᠭᠡᠴᠡ ᠬᠤᠶᠠᠷ ᠲᠠᠯ᠎ᠠ ᠶᠢᠨ ᠬᠢᠨ ᠢ ᠵᠣᠬᠢᠴᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠬᠦᠴᠦᠯᠡᠬᠦ ᠬᠡᠷᠡᠭᠳᠡᠢ︔ ᠶᠡᠭᠡ ᠳᠡᠭᠡᠳᠦ ᠰᠤᠷᠭᠠᠭᠤᠯᠢ ᠨᠤᠭᠤᠳ ᠰᠤᠷᠭᠠᠭᠤᠯᠢ ᠡᠷᠬᠢᠯᠡᠬᠦ ᠬᠠᠷᠠᠯᠲᠠ ᠪᠠᠨ ᠤᠯᠠᠮ ᠴᠢᠨᠠᠬᠰᠢᠳᠠ ᠲᠣᠳᠣᠷᠬᠠᠢ ᠪᠤᠯᠭᠠᠵᠤ᠂ ᠰᠢᠨ᠎ᠡ ᠠᠵᠤ ᠠᠬᠤᠶ᠂ ᠰᠢᠨ᠎ᠡ ᠡᠵᠡᠩᠨᠡᠯᠲᠡ ᠶᠢᠨ ᠪᠠᠶᠢᠳᠠᠯ ᠪᠣᠯᠤᠨ ᠰᠢᠨ᠎ᠡ ᠠᠵᠢᠯ ᠣᠯᠭᠤᠯᠲᠠ ᠶᠢ ᠠᠩᠬᠠᠷᠤᠨ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠪᠦᠬᠦ ᠲᠠᠯ᠎ᠠ ᠪᠠᠷ ᠤᠶᠠᠯᠳᠤᠭᠤᠯᠤᠭᠰᠠᠨ ᠳᠠᠳᠤᠯᠭ᠎ᠠ ᠬᠢᠬᠦ ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠶ︔ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠵᠢᠯ ᠣᠯᠭᠤᠬᠤ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠡᠵᠡᠮᠰᠢᠵᠦ᠂ ᠲᠤᠰ ᠪᠡᠶ᠎ᠡ ᠶᠢᠨ ᠮᠡᠷᠭᠡᠵᠢᠯ ᠴᠢᠳᠠᠪᠤᠷᠢ ᠪᠣᠯᠤᠨ ᠶᠡᠷᠦᠩᠬᠡᠶ ᠬᠡᠪ ᠪᠤᠯᠪᠠᠰᠤᠷᠠᠯ ᠢᠶᠠᠨ ᠳᠡᠭᠡᠭᠰᠢᠯᠡᠭᠦᠯᠬᠦ ᠠᠴᠠ ᠭᠠᠳᠠᠨ᠎ᠠ ᠪᠠᠰᠠ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠣᠯᠭᠤᠬᠤ ᠳᠤ ᠣᠶᠤᠨᠴᠢ ᠰᠣᠩᠭᠤᠯᠲᠠ ᠬᠢᠬᠦ ᠬᠡᠷᠡᠭᠲᠡᠶ ᠬᠡᠵᠦ ᠰᠠᠨᠠᠭᠤᠯᠪᠠ᠃ ︵ᠯᠢ ᠫᠢᠩ︶᠃http://mongol.people.com.cn/15836341.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号