ᠠᠷᠠᠳ ᠤᠨ ᠡᠳᠦᠷ ᠤᠨ ᠰᠣᠨᠢᠨ ᠤ ᠭᠠᠳᠠᠭᠠᠳᠤ ᠳᠤ ᠵᠣᠷᠢᠭᠤᠯᠤᠭᠰᠠᠨ ᠬᠡᠪᠯᠡᠯ ᠤᠨ 1 ᠰᠠᠷ᠎ᠠ ᠶᠢᠨ 26 ᠤ | ᠡᠳᠦᠷ ᠤᠨ ᠮᠡᠳᠡᠭᠡ ︵ᠰᠤᠷᠪᠤᠯᠵᠢᠯᠠᠭᠴᠢ ᠯᠢ ᠵᠢᠶᠧ︶ ᠰᠤᠷᠪᠤᠯᠵᠢᠯᠠᠭᠴᠢ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ ᠤ 26 ᠤ ᠡᠳᠦᠷ ᠬᠤᠷᠠᠯᠳᠤᠭᠤᠯᠤᠭᠰᠠᠨ 2020 ᠣᠨ ᠤ ᠳᠥᠷᠪᠡᠳᠦᠭᠡᠷ | ᠤᠯᠠᠷᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠨᠢᠳᠤᠨᠤᠨ ᠤ 2 ᠰᠠᠷ᠎ᠠ ᠠᠴᠠ | ᠵᠢᠯ ᠤᠨ ᠡᠴᠦᠰ ᠪᠣᠯᠲᠠᠯ᠎ᠠ᠂ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ ᠪᠠ ᠠᠵᠢᠯ ᠠᠴᠠ ᠪᠣᠯᠤᠭᠰᠠᠨ ᠭᠡᠮᠲᠦᠯ | ᠵᠡᠷᠭᠡ ᠭᠤᠷᠪᠠᠨ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠭᠡᠯᠳᠦᠷᠢᠭᠦᠯᠬᠦ᠂ ᠬᠠᠰᠤᠬᠤ᠂ | ᠤᠳᠠᠭᠠᠰᠢᠷᠠᠭᠤᠯᠬᠤ᠂ ᠪᠠᠭᠤᠷᠠᠭᠤᠯᠬᠤ ᠲᠥᠷᠥ ᠶᠢᠨ ᠪᠣᠳᠣᠯᠭ᠎ᠠ ᠪᠠᠷ ᠨᠡᠶᠢᠲᠡ 1 . 54 ᠲᠦᠮᠡᠨ ᠳ᠋ᠦᠩᠰᠢᠭᠤᠷ | ᠲᠥᠭᠦᠷᠢᠭ ᠢ ᠬᠠᠰᠤᠵᠤ ᠬᠦᠡᠭᠭᠡᠷᠡᠭᠦᠯᠪᠡ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠵᠤᠷᠭᠠᠨ ᠤ ᠳᠠᠷᠤᠭ᠎ᠠ ᠨᠢᠶᠧ ᠮᠢᠩ ᠵᠢᠤᠧᠠᠨ ᠲᠠᠨᠢᠯᠴᠠᠭᠤᠯᠬᠤ ᠳᠠᠭᠠᠨ᠂ 2015 | ᠣᠨ ᠠᠴᠠ 2019 ᠣᠨ ᠪᠣᠯᠲᠠᠯ᠎ᠠ᠂ ᠤᠯᠤᠰ ᠠᠴᠠ ᠤᠷᠢᠳ ᠬᠤᠵᠢᠳ 6 ᠤᠳᠠᠭ᠎ᠠ ᠨᠡᠶᠢᠭᠡᠮ ᠤᠨ | ᠳᠠᠭᠠᠳᠬᠠᠯ ᠤᠨ ᠨᠢᠭᠡᠴᠡ ᠶᠢᠨ ᠰᠦᠢᠳᠬᠡᠯ ᠲᠤᠰᠢᠶᠠᠬᠤ ᠬᠠᠷᠢᠴᠠᠯ ᠢ ᠪᠠᠭᠤᠷᠠᠭᠤᠯᠵᠤ᠂ ᠠᠵᠤ ᠠᠬᠤᠶᠢᠯᠠᠯ ᠳᠤ | ᠲᠦᠮᠡᠨ ᠳ᠋ᠦᠩᠰᠢᠭᠤᠷ ᠰᠢᠬᠠᠮ ᠲᠥᠭᠦᠷᠢᠭ ᠤᠨ ᠰᠦᠢᠳᠭᠡᠯ ᠢ ᠪᠠᠭᠠᠰᠬᠠᠵᠠᠶ᠃ ᠨᠢᠳᠤᠨᠤᠨ ᠤ 1 ᠵᠢᠯ ᠳᠤ 1 . 5 | ᠲᠦᠮᠡᠨ ᠳ᠋ᠦᠩᠰᠢᠭᠤᠷ ᠲᠥᠭᠦᠷᠢᠭ ᠢ ᠬᠠᠰᠤᠵᠤ ᠬᠡᠯᠲᠦᠷᠢᠭᠦᠯᠦᠨ᠂ ︽ᠡᠷᠴᠢᠮ ᠪᠠ ᠬᠡᠪᠴᠢᠶ᠎ᠡ ᠨᠢ ᠴᠥᠮ ᠤᠷᠢᠳ | ᠡᠮᠦᠨ᠎ᠡ ᠪᠠᠶᠢᠭ᠎ᠠ ᠦᠭᠡᠶ ᠶᠤᠮ︾ ᠭᠡᠪᠡ᠃ | ᠨᠢᠶᠧ ᠮᠢᠩ ᠵᠢᠤᠧᠠᠨ᠄ ︽ᠪᠢᠳᠡᠨ ᠤ ᠣᠶᠢᠯᠠᠭᠠᠭᠰᠠᠨ ᠪᠠᠶᠢᠳᠠᠯ ᠠᠴᠠ ᠦᠵᠡᠪᠡᠯ᠂ ᠨᠡᠶᠢᠭᠡᠮ ᠤᠨ | ᠳᠠᠭᠠᠳᠬᠠᠯ ᠤᠨ ᠰᠦᠢᠳᠬᠡᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠪᠣᠯ ᠠᠰᠢᠭ ᠬᠦᠷᠲᠡᠭᠡᠬᠦ | ᠨᠣᠷᠮ᠎ᠠ ᠪᠠᠷ ᠬᠠᠮᠤᠭ ᠤᠨ ᠥᠷᠭᠡᠨ᠂ ᠬᠠᠨᠤᠮᠵᠢ ᠶᠢᠨ ᠬᠡᠮᠵᠢᠶ᠎ᠡ ᠪᠠᠷ ᠬᠠᠮᠤᠭ ᠤᠨ ᠥᠨᠳᠥᠷ᠂ ᠬᠠᠮᠤᠭ ᠤᠨ | ᠪᠦᠲᠦᠮᠵᠢᠲᠡᠶ ᠳᠡᠮᠵᠢᠯᠭᠡ ᠶᠢᠨ ᠲᠥᠷᠥ ᠶᠢᠨ ᠪᠣᠳᠣᠯᠭ᠎ᠠ ᠮᠥᠨ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠭᠦ | ᠂ ᠠᠵᠤ ᠠᠬᠤᠶ ᠶᠢᠨ ᠨᠡᠮᠡᠭᠳᠡᠯ ᠢ ᠰᠡᠷᠭᠦᠭᠡᠬᠦ ᠳᠤ ᠴᠢᠬᠤᠯᠠ ᠳᠡᠮᠵᠢᠯᠭᠡ ᠶᠢᠨ ᠦᠢᠯᠡᠳᠦᠯ ᠦᠵᠡᠭᠦᠯᠵᠡᠢ ᠭᠡᠵᠦ ᠠᠵᠤ | ᠠᠬᠤᠶᠢᠯᠠᠯ ᠤᠳ ᠨᠡᠶᠢᠳᠡᠮ ᠲᠤᠰᠬᠠᠵᠤ ᠪᠠᠶᠢᠨ᠎ᠠ︾ ᠭᠡᠪᠡ᠃ | ᠡᠭᠦᠨ ᠠᠴᠠ ᠭᠠᠳᠠᠨ᠎ᠠ᠂ ᠨᠢᠳᠤᠨᠤᠨ ᠤ 12 ᠰᠠᠷ᠎ᠠ ᠶᠢᠨ ᠰᠡᠭᠦᠯᠴᠢ ᠪᠣᠯᠲᠠᠯ᠎ᠠ᠂ ᠠᠵᠤ ᠠᠬᠤᠶᠢᠯᠠᠯ ᠤᠨ | ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ | ᠣᠷᠣᠯᠴᠠᠭᠰᠠᠨ ᠠᠵᠢᠯᠲᠠᠨ ᠠᠵᠢᠯᠴᠢᠨ ᠤ ᠲᠤᠭ᠎ᠠ 2019 ᠣᠨ ᠤ ᠵᠢᠯ ᠤᠨ ᠡᠴᠦᠰ ᠤᠨ ᠬᠢ ᠠᠴᠠ ᠲᠣᠰ ᠲᠣᠰ | 1619 ᠲᠦᠮᠡᠨ ᠬᠥᠮᠦᠨ᠂ 1147 ᠲᠦᠮᠡᠨ ᠬᠥᠮᠦᠨ᠂ 1291 ᠲᠦᠮᠡᠨ ᠬᠥᠮᠦᠨ ᠨᠡᠮᠡᠭᠳᠡᠵᠦ᠂ ᠠᠳᠠᠯᠢ | ᠬᠤᠭᠤᠴᠠᠭᠠᠨ ᠤ ᠬᠢ ᠠᠴᠠ ᠨᠡᠮᠡᠭᠳᠡᠭᠰᠡᠨ ᠬᠡᠮᠵᠢᠶ᠎ᠠ ᠨᠢ ᠤᠢᠢᠷ᠎ᠠ ᠶᠢᠨ 5 ᠵᠢᠯ ᠳᠤ ᠬᠠᠮᠤᠬ ᠤᠨ ᠦᠡᠳᠦᠷ ᠪᠤᠯᠵᠠᠢ᠃ | 2020 ᠣᠨ ᠳᠤ᠂ ᠨᠠᠰᠤᠨ ᠤ ᠠᠮᠠᠷᠠᠯᠳᠠ ᠪᠠᠨ ᠠᠪᠤᠬᠰᠠᠳ ᠤᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ 1 . 2 | ᠳ᠋ᠦᠩᠰᠢᠭᠤᠷ ᠭᠠᠷᠤᠶ ᠨᠠᠰᠤᠨ ᠤ ᠠᠮᠠᠷᠠᠯᠳᠠ ᠪᠠᠨ ᠠᠪᠤᠬᠰᠠᠳ ᠲᠤ ᠠᠰᠢᠭ ᠬᠦᠷᠲᠡᠭᠡᠪᠡ᠃ ᠠᠵᠢᠯ ᠠᠯᠳᠠᠯᠲᠠ ᠶᠢᠨ | ᠳᠠᠭᠠᠳᠬᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠪᠣᠶ ᠪᠥᠬᠦᠶ ᠬᠤᠲᠠ ᠬᠥᠳᠡᠭᠡ ᠶᠢᠨ ᠳᠠᠭᠠᠳᠬᠠᠯ ᠳᠤ ᠣᠷᠣᠯᠴᠠᠭᠰᠠᠨ | ᠠᠵᠢᠯ ᠠᠯᠳᠠᠭᠰᠠᠳ ᠲᠤ ᠬᠦᠷᠲᠡᠯ᠎ᠡ ᠥᠷᠭᠡᠳᠬᠡᠵᠦ᠂ ᠪᠥᠬᠦ ᠵᠢᠯ ᠳᠤ 1337 ᠲᠦᠮᠡᠨ ᠬᠥᠮᠦᠨ ᠠᠳᠠᠯᠢ ᠪᠤᠰᠤ | ᠲᠥᠷᠥᠯ ᠵᠦᠢᠯ ᠤᠨ ᠠᠵᠢᠯ ᠠᠯᠳᠠᠯᠲᠠ ᠶᠢᠨ ᠳᠠᠭᠠᠳᠬᠠᠯ ᠤᠨ ᠬᠠᠷᠠᠭᠠᠯᠵᠠᠯ ᠭᠥᠷᠳᠡᠵᠦ᠂ 2019 ᠣᠨ ᠤ ᠬᠢ ᠠᠴᠠ | 841 ᠲᠦᠮᠡᠨ ᠬᠥᠮᠦᠨ ᠨᠡᠮᠡᠭᠳᠡᠵᠡᠶ᠃ ᠳᠠᠭᠠᠳᠬᠠᠯ ᠳᠤ ᠣᠷᠣᠯᠴᠠᠬᠤ ᠨᠥᠬᠦᠴᠡᠯ ᠳᠤ ᠨᠡᠶᠢᠴᠡᠬᠦ 17 . 2 ᠲᠦᠮᠡᠨ | ᠭᠤᠣᠯᠳᠠᠯᠭ᠎ᠠ ᠲᠠᠢ ᠤᠰᠤᠨ ᠣᠷᠣᠨ ᠤ ᠠᠩᠨᠠᠬᠤ ᠪᠠᠨ ᠵᠣᠭᠰᠣᠭᠰᠠᠨ ᠵᠢᠭᠠᠰᠤᠴᠢᠨ ᠦᠨᠳᠦᠰᠦᠨ ᠨᠠᠰᠤᠵᠢᠯ ᠤᠨ | ᠳᠠᠭᠠᠳᠬᠠᠯ ᠳᠤ ᠣᠷᠣᠯᠴᠠᠪᠠ᠃ | ︽ᠲᠣᠳᠣᠷᠬᠠᠶᠢᠯᠠᠬᠤ ᠴᠢᠬᠤᠯᠠᠲᠠᠶ ᠵᠦᠢᠯ ᠭᠡᠪᠡᠯ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠱᠠᠲᠤ | ᠦᠶᠡᠴᠢ ᠴᠢᠨᠠᠷᠲᠠᠶ ᠪᠠᠷ ᠬᠠᠰᠤᠵᠤ ᠬᠡᠯᠲᠦᠷᠢᠭᠦᠯᠬᠦ ᠪᠣᠯ ᠨᠢᠭᠡ ᠵᠦᠢᠯ ᠤᠨ ᠲᠦᠷ ᠴᠠᠭ ᠤᠨ ᠴᠢᠨᠠᠷᠲᠠᠶ ᠳᠡᠮᠵᠢᠯᠭᠡ ᠶᠢᠨ | ᠲᠥᠷᠥ ᠶᠢᠨ ᠪᠣᠳᠣᠯᠭ᠎ᠠ ᠮᠥᠨ᠂ ᠨᠢᠳᠤᠨᠤᠨ ᠵᠢᠯ ᠤᠨ ᠡᠴᠦᠰ ᠲᠤ ᠨᠢᠭᠡᠨᠲᠡ ᠬᠤᠭᠤᠴᠠᠭ᠎ᠠ ᠨᠢ ᠲᠤᠯᠵᠠᠶ᠂ ᠭᠤᠷᠪᠠᠨ | ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠡᠨᠡ ᠵᠢᠯ ᠤᠨ 1 ᠰᠠᠷ᠎ᠠ ᠶᠢᠨ 1 ᠤ ᠡᠳᠦᠷ ᠠᠴᠠ ᠡᠬᠢᠯᠡᠨ | ᠲᠣᠭᠲᠠᠭᠠᠯ ᠶᠣᠰᠣᠭᠠᠷ ᠬᠡᠪ ᠤᠨ ᠶᠣᠰᠣᠭᠠᠷ ᠲᠠᠲᠠᠪᠤᠷᠢᠯᠠᠬᠤ ᠶᠢ ᠨᠢᠭᠡᠨᠲᠡ ᠰᠡᠷᠭᠦᠭᠡᠭᠰᠡᠨ ᠶᠤᠮ︾ ᠭᠡᠵᠦ ᠨᠢᠶᠧ | ᠮᠢᠩ ᠵᠢᠤᠧᠠᠨ ᠬᠡᠯᠡᠭᠰᠡᠨ ᠢᠶᠠᠨ ᠵᠠᠯᠭᠠᠭᠠᠳ᠂ ᠬᠢᠵᠢᠭ ᠤᠨ ᠪᠠᠶᠢᠳᠠᠯ ᠮᠥᠨ ᠬᠦ ᠣᠷᠣᠰᠢᠵᠤ᠂ ᠬᠡᠰᠡᠭ ᠠᠵᠤ | ᠠᠬᠤᠶᠢᠯᠠᠯ ᠤᠨ ᠳᠠᠷᠤᠯᠲᠠ ᠨᠡᠯᠢᠶᠡᠳ ᠶᠡᠭᠡ ᠪᠠᠶᠢᠵᠤ ᠮᠡᠳᠡᠬᠦ ᠶᠢ ᠪᠣᠳᠣᠯᠬᠢᠯᠠᠭᠠᠳ᠂ ᠠᠵᠢᠯ ᠠᠯᠳᠠᠯᠲᠠ ᠶᠢᠨ | ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤ ᠦᠢᠡᠴᠢ | ᠴᠢᠨᠠᠷᠲᠠᠶ ᠪᠠᠷ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠡᠨᠡ ᠵᠢᠯ ᠤᠨ 4 ᠰᠠᠷ᠎ᠠ ᠶᠢᠨ ᠡᠴᠦᠰ ᠲᠤ | ᠬᠤᠭᠤᠴᠠᠭ᠎ᠠ ᠨᠢ ᠲᠤᠯᠤᠭᠰᠠᠨ ᠤ ᠳᠠᠷᠠᠭ᠎ᠠ᠂ ᠳᠠᠬᠢᠨ 1 ᠵᠢᠯ ᠤᠷᠳᠤᠳᠬᠠᠵᠤ 2022 ᠣᠨ ᠤ 4 ᠰᠠᠷ᠎ᠠ ᠶᠢᠨ | 30 ᠤ ᠡᠳᠦᠷ ᠪᠣᠯᠲᠠᠯ᠎ᠠ ᠤᠷᠲᠤᠳᠬᠠᠨ᠎ᠠ ᠭᠡᠪᠡ᠃ | http://mongol.people.com.cn/15836340.html |