ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠶᠡᠷᠦᠩᠬᠡᠶ ᠡᠪᠯᠡᠯ ᠥᠪᠥᠷ ᠮᠣᠩᠭᠤᠯ ᠤᠨ 3 ᠬᠠᠮᠲᠤ ᠨᠡᠶᠢᠲᠡ᠂ 9 ᠬᠤᠪᠢ ᠬᠥᠮᠦᠨ᠂ 71 ᠠᠵᠤ ᠠᠬᠤᠶᠢᠯᠠᠯ ᠪᠠ ᠨᠢᠭᠡᠴᠡ ᠶᠢ ᠬᠥᠬᠢᠭᠦᠯᠦᠨ ᠰᠠᠶᠢᠰᠢᠶᠠᠪᠠ
ᠨᠡᠶᠢᠲᠡᠯᠡᠭᠰᠡᠨ ᠴᠠᠭ᠄
2021/1/28
      1 ᠰᠠᠷ᠎ᠠ ᠶᠢᠨ 25 ᠤ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠶᠡᠷᠦᠩᠬᠡᠶ ᠡᠪᠯᠡᠯ ᠪᠥᠬᠦ ᠤᠯᠤᠰ ᠤᠨ ᠤᠯᠠᠭᠠᠨ ᠵᠠᠭᠠᠯᠮᠠᠶᠢᠲᠠᠨ ᠤ ᠰᠢᠰᠲ᠋ᠧᠮ ᠤᠨ ᠬᠢᠵᠢᠭ ᠲᠠᠢ ᠲᠡᠮᠡᠴᠡᠬᠦ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠬᠠᠮᠲᠤ᠂ ᠲᠡᠷᠢᠭᠦᠨ ᠤ ᠬᠤᠪᠢ ᠬᠥᠮᠦᠨ ᠪᠠ ᠰᠢᠯᠢᠳᠡᠭ ᠰᠠᠶᠢᠨ ᠳᠤᠷᠠᠴᠤᠳ ᠢ ᠬᠥᠬᠢᠭᠦᠯᠦᠨ ᠰᠠᠶᠢᠰᠢᠶᠠᠭᠰᠠᠨ ᠪᠥᠭᠡᠳ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠠᠨᠳᠢᠪᠯᠠᠭᠴᠢ ᠳᠤ ᠱᠠᠩᠨᠠᠯ ᠤᠨ ᠲᠡᠮᠳᠡᠭ ᠱᠠᠩᠨᠠᠯ ᠤᠨ ᠮᠧᠳᠠᠯ ᠣᠯᠭᠤᠪᠠ᠃ ᠥᠪᠥᠷ ᠮᠣᠩᠭᠤᠯ ᠤᠨ 3 ᠲᠡᠷᠢᠭᠦᠨ ᠤ ᠬᠠᠮᠲᠤ ᠨᠡᠶᠢᠳᠡ᠂ 3 ᠲᠡᠷᠢᠭᠦᠨ ᠤ ᠬᠤᠪᠢ ᠬᠥᠮᠦᠨ᠂ 6 ᠰᠢᠯᠢᠳᠡᠭ ᠰᠠᠶᠢᠨ ᠲᠤᠷᠠᠴᠤᠳ ᠵᠢᠴᠢ 71 ᠬᠠᠯᠠᠭᠤᠨ ᠰᠡᠳᠬᠢᠯᠲᠦ ᠠᠵᠤ ᠠᠬᠤᠶᠢᠯᠠᠯ ᠪᠠ ᠬᠠᠯᠠᠭᠤᠨ ᠰᠡᠳᠬᠢᠯᠲᠦ ᠨᠢᠭᠡᠴᠡ ᠬᠦᠬᠢᠬᠦᠯᠦᠭᠳᠡᠨ ᠰᠠᠶᠢᠰᠢᠶᠠᠬᠳᠠᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠬᠯᠠᠬᠤ ᠶᠢ ᠶᠡᠷᠦᠩᠬᠡᠶᠢᠯᠡᠨ ᠵᠣᠬᠢᠴᠠᠭᠤᠯᠬᠤ ᠵᠢᠴᠢ ᠡᠳ᠋ ᠪᠠᠷᠠᠭ᠎ᠠ ᠭᠥᠯᠢᠶᠡᠨ ᠠᠪᠴᠤ ᠲᠠᠷᠬᠠᠭᠠᠬᠤ ᠳᠤᠭᠤᠶᠢᠯᠠᠩ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠦᠷᠭᠡᠨ ᠲᠤᠰᠠᠯᠠᠬᠤ ᠲᠠᠮᠵᠢᠭᠤᠯᠤᠨ ᠵᠦᠭᠡᠭᠡᠪᠦᠷᠢᠯᠡᠬᠦ ᠮᠠᠰᠢᠨ ᠲᠡᠷᠭᠡᠨ ᠤ ᠠᠩᠭᠢ ᠶᠢᠨ ᠥᠪᠥᠷ ᠮᠣᠩᠭᠤᠯ ᠤᠨ ᠠᠩᠭᠢ᠂ ᠣᠷᠳᠣᠰ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ 3 ᠬᠠᠮᠲᠤ ᠨᠡᠶᠢᠲᠡ ︽ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ ᠲᠡᠷᠢᠭᠦᠨ ᠤ ᠬᠠᠮᠲᠤ︾ ᠶᠢᠨ ᠢᠷᠠᠭᠤ ᠠᠯᠳᠠᠷ ᠢ ᠭᠥᠷᠳᠡᠪᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠡᠳᠬᠦᠨ ᠲᠤᠰᠠᠯᠠᠬᠤ ᠬᠡᠯᠲᠡᠰ ᠤᠨ ᠳᠠᠷᠤᠭ᠎ᠠ ᠯᠢ ᠰᠢᠨ᠂ ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ ᠵᠠᠩ ᠫᠢᠩ᠂ ᠮᠠᠨᠵᠦᠦᠷ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠡᠳᠬᠦᠨ ᠲᠤᠰᠠᠯᠠᠬᠤ ᠰᠠᠯᠠᠭᠠᠨ ᠤ ᠠᠵᠢᠯᠲᠠᠨ ᠶᠢᠨ ᠶᠠᠨ ᠵᠡᠷᠭᠡ 3 ᠬᠤᠪᠢ ᠬᠥᠮᠦᠨ ︽ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ ᠲᠡᠷᠢᠭᠦᠨ ᠤ ᠬᠤᠪᠢ ᠬᠥᠮᠦᠨ︾ ᠤ ᠢᠷᠠᠭᠤ ᠠᠯᠳᠠᠷ ᠢ ᠭᠥᠷᠳᠡᠪᠡ᠃      ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶᠠᠨ ᠤ ᠬᠦᠨᠳᠦ ᠡᠪᠡᠳᠴᠢᠨ ᠤ ᠠᠨᠠᠭᠠᠬᠤ ᠤᠬᠠᠭᠠᠨ ᠤ ᠰᠠᠯᠠᠭᠠᠨ ᠤ ᠰᠤᠪᠢᠯᠠᠭᠴᠢ ᠶᠢᠨ ᠳᠠᠷᠤᠭ᠎ᠠ ᠱᠢ ᠸᠧᠨ ᠵᠢᠩ᠂ ᠥᠪᠥᠷ ᠮᠣᠩᠭᠤᠯ ᠤᠨ ᠯᠠᠨ ᠲᠢᠶᠠᠨ ᠠᠪᠤᠷᠠᠨ ᠲᠤᠰᠠᠯᠠᠬᠤ ᠨᠡᠶᠢᠭᠡᠮᠯᠢᠭ ᠤᠨ ᠳᠠᠷᠤᠭ᠎ᠠ ᠯᠢ ᠬᠠᠶ ᠹᠧᠩ᠂ ᠤᠯᠠᠭᠠᠨᠴᠠᠪ ᠤᠨ ᠰᠠᠶᠢᠨ ᠳᠤᠷᠠᠴᠤᠳ ᠤᠨ ᠨᠡᠶᠢᠭᠡᠮᠯᠢᠭ ᠤᠨ ᠳᠠᠷᠤᠭ᠎ᠠ ᠵᠣᠣ ᠫᠧᠩ᠂ ᠤᠶᠤᠲᠠᠳ ᠤᠨ ᠪᠠᠷᠠᠭᠤᠨ ᠣᠷᠣᠨ ᠤ ᠲᠥᠯᠥᠪᠯᠡᠭᠡ ᠳᠤ ᠰᠠᠶᠢᠨ ᠳᠤᠷ᠎ᠠ ᠠᠴᠠ ᠪᠠᠨ ᠦᠢᠯᠡᠴᠢᠯᠡᠬᠦ ᠰᠠᠶᠢᠨ ᠳᠤᠷᠠᠴᠤᠳ ᠦ᠋ ᠵᠢᠶᠠᠨ᠂ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠲᠦᠷᠭᠡᠨ ᠡᠮᠨᠡᠬᠦ ᠰᠠᠯᠠᠭᠠᠨ ᠤ ᠡᠷᠬᠢᠯᠡᠭᠴᠢ ᠶᠣᠣ ᠱᠢ ᠪᠢᠨ᠂ ᠤᠷᠠᠳ ᠤᠨ ᠬᠤᠶᠢᠲᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠳᠠᠷᠤᠭ᠎ᠠ ᠰᠢ ᠰᠢᠶᠠ ᠳ᠋ᠢ ᠵᠡᠷᠭᠡ 6 ᠰᠠᠶᠢᠨ ᠳᠤᠷᠠᠴᠤᠳ ︽ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ ᠰᠢᠯᠢᠳᠡᠭ ᠰᠠᠶᠢᠨ ᠳᠤᠷᠠᠴᠤᠳ︾ ᠤᠨ ᠢᠷᠡᠭᠤ ᠠᠯᠳᠠᠷ ᠢ ᠭᠥᠷᠳᠡᠪᠡ᠃      ᠡᠭᠦᠨ ᠤ ᠬᠠᠮᠲᠤ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠶᠡᠷᠦᠩᠭᠡᠢ ᠡᠪᠯᠡᠯ ᠠᠴᠠ ᠥᠪᠥᠷ ᠮᠣᠩᠭᠤᠯ ᠤᠨ ᠢᠯᠢ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠲᠤ ︽ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠣᠨᠴᠠ ᠲᠠᠰ ᠤᠨ ᠬᠥᠮᠦᠯᠢᠭ ᠦᠵᠡᠯ ᠤᠨ ᠭᠠᠪᠢᠶᠠᠨ ᠲᠡᠮᠳᠡᠭ︾ ᠣᠯᠭᠤᠪᠠ︔ ᠣᠷᠳᠣᠰ ᠬᠤᠲᠠ ᠶᠢᠨ ᠤᠯᠠᠭᠠᠨ ᠨᠡᠭᠦᠷᠡᠰᠦᠨ ᠤ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 8 ᠬᠠᠯᠠᠭᠤᠨ ᠰᠡᠳᠬᠢᠯᠲᠦ ᠠᠵᠤ ᠠᠬᠤᠶᠢᠯᠠᠯ ᠳᠤ ︽ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠬᠥᠮᠦᠯᠢᠭ ᠦᠵᠡᠯ ᠤᠨ ᠭᠠᠪᠢᠶᠠᠨ ᠲᠡᠮᠳᠡᠭ︾ ᠣᠯᠭᠤᠪᠠ︔ ᠥᠪᠥᠷ ᠮᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 3 ᠬᠠᠯᠠᠭᠤᠨ ᠰᠡᠳᠬᠢᠯᠲᠦ ᠠᠵᠤ ᠠᠬᠤᠶᠢᠯᠠᠯ ᠳᠤ ︽ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢᠨ ᠱᠠᠩᠨᠠᠯ ᠤᠨ ᠮᠧᠳᠠᠯ︾ ᠣᠯᠭᠤᠪᠠ︔ ᠳᠤᠮᠳᠠᠳᠤ ᠤᠯᠤᠰ ᠤᠨ ᠨᠠᠪᠴᠢᠨ ᠲᠠᠮᠠᠬᠢᠨ ᠤ ᠶᠡᠷᠦᠩᠬᠡᠶ ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠺᠣᠮᠫᠠᠨᠢ ᠵᠡᠷᠭᠡ 54 ᠬᠠᠯᠠᠭᠤᠨ ᠰᠡᠳᠬᠢᠯᠲᠦ ᠠᠵᠤ ᠠᠬᠤᠶᠢᠯᠠᠯ ᠪᠠ ᠨᠢᠭᠡᠴᠡ ᠳᠤ ︽ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠬᠤᠪᠢ ᠨᠡᠮᠡᠷᠢ ᠦᠵᠡᠭᠦᠯᠦᠭᠰᠡᠨ ᠱᠠᠩᠨᠠᠯ ᠤᠨ ᠮᠧᠳᠠᠯ︾ ᠣᠯᠭᠤᠪᠠ᠃ ᠥᠪᠥᠷ ᠮᠣᠩᠭᠤᠯ ᠤᠨ ᠮᠧᠩ ᠨᠢᠤ ᠰᠦ ᠶᠢᠨ  ᠦᠢᠯᠡᠰ ︵ᠪᠦᠯᠦᠭᠯᠡᠯ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ 5 ᠬᠠᠯᠠᠭᠤᠨ ᠰᠡᠳᠬᠢᠯᠲᠦ ᠠᠵᠤ ᠠᠬᠤᠶᠢᠯᠠᠯ ᠪᠣᠯᠤᠨ ᠨᠢᠭᠡᠴᠡ ︽ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠳᠤ ᠣᠨᠴᠠᠭᠠᠶ ᠬᠤᠪᠢ ᠨᠡᠮᠡᠷᠢ ᠦᠵᠡᠭᠦᠯᠦᠭᠰᠡᠨ ᠱᠠᠩᠨᠠᠯ︾ ᠢ ᠭᠥᠷᠳᠡᠪᠡ᠃  ︵ᠰᠤᠷᠪᠤᠯᠵᠢᠯᠠᠭᠴᠢ ᠯᠢ ᠼᠦᠨ ᠰᠢᠶᠠ  ︶http://mongol.people.com.cn/15836342.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号