ᠨᠡᠶᠢᠭᠡᠮ ᠤᠨ ᠲᠠᠭᠠᠳᠬᠠᠯ ᠤᠨ ᠰᠦᠢᠳᠭᠡᠯ ᠢ ᠪᠥᠬᠦ ᠵᠢᠯ ᠳᠤ 1.54 ᠲᠦᠮᠡᠨ ᠳ᠋ᠦᠡᠭᠰᠢᠭᠤᠷ ᠲᠦᠭᠦᠷᠢᠭ ᠬᠠᠰᠤᠵᠤ ᠬᠦᠡᠭᠭᠡᠷᠡᠭᠦᠯᠪᠡ
ᠨᠡᠶᠢᠲᠡᠯᠡᠭᠰᠡᠨ ᠴᠠᠭ᠄
2021/1/28
      ᠠᠷᠠᠳ ᠤᠨ ᠡᠳᠦᠷ ᠤᠨ ᠰᠣᠨᠢᠨ ᠤ ᠭᠠᠳᠠᠭᠠᠳᠤ ᠳᠤ ᠵᠣᠷᠢᠭᠤᠯᠤᠭᠰᠠᠨ ᠬᠡᠪᠯᠡᠯ ᠤᠨ 1 ᠰᠠᠷ᠎ᠠ ᠶᠢᠨ 26 ᠤ ᠡᠳᠦᠷ ᠤᠨ ᠮᠡᠳᠡᠭᠡ ︵ᠰᠤᠷᠪᠤᠯᠵᠢᠯᠠᠭᠴᠢ ᠯᠢ ᠵᠢᠶᠧ︶ ᠰᠤᠷᠪᠤᠯᠵᠢᠯᠠᠭᠴᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ 26 ᠤ ᠡᠳᠦᠷ ᠬᠤᠷᠠᠯᠳᠤᠭᠤᠯᠤᠭᠰᠠᠨ 2020 ᠣᠨ ᠤ ᠳᠥᠷᠪᠡᠳᠦᠭᠡᠷ ᠤᠯᠠᠷᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠨᠢᠳᠤᠨᠤᠨ ᠤ 2 ᠰᠠᠷ᠎ᠠ ᠠᠴᠠ ᠵᠢᠯ ᠤᠨ ᠡᠴᠦᠰ ᠪᠣᠯᠲᠠᠯ᠎ᠠ᠂ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ ᠪᠠ ᠠᠵᠢᠯ ᠠᠴᠠ ᠪᠣᠯᠤᠭᠰᠠᠨ ᠭᠡᠮᠲᠦᠯ ᠵᠡᠷᠭᠡ ᠭᠤᠷᠪᠠᠨ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠭᠡᠯᠳᠦᠷᠢᠭᠦᠯᠬᠦ᠂ ᠬᠠᠰᠤᠬᠤ᠂ ᠤᠳᠠᠭᠠᠰᠢᠷᠠᠭᠤᠯᠬᠤ᠂ ᠪᠠᠭᠤᠷᠠᠭᠤᠯᠬᠤ ᠲᠥᠷᠥ ᠶᠢᠨ ᠪᠣᠳᠣᠯᠭ᠎ᠠ ᠪᠠᠷ ᠨᠡᠶᠢᠲᠡ 1 . 54 ᠲᠦᠮᠡᠨ ᠳ᠋ᠦᠩᠰᠢᠭᠤᠷ ᠲᠥᠭᠦᠷᠢᠭ ᠢ ᠬᠠᠰᠤᠵᠤ ᠬᠦᠡᠭᠭᠡᠷᠡᠭᠦᠯᠪᠡ᠃      ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠤᠷᠭᠠᠨ ᠤ ᠳᠠᠷᠤᠭ᠎ᠠ ᠨᠢᠶᠧ ᠮᠢᠩ ᠵᠢᠤᠧᠠᠨ ᠲᠠᠨᠢᠯᠴᠠᠭᠤᠯᠬᠤ ᠳᠠᠭᠠᠨ᠂ 2015 ᠣᠨ ᠠᠴᠠ 2019 ᠣᠨ ᠪᠣᠯᠲᠠᠯ᠎ᠠ᠂ ᠤᠯᠤᠰ ᠠᠴᠠ ᠤᠷᠢᠳ ᠬᠤᠵᠢᠳ 6 ᠤᠳᠠᠭ᠎ᠠ  ᠨᠡᠶᠢᠭᠡᠮ ᠤᠨ ᠳᠠᠭᠠᠳᠬᠠᠯ ᠤᠨ ᠨᠢᠭᠡᠴᠡ ᠶᠢᠨ ᠰᠦᠢᠳᠬᠡᠯ ᠲᠤᠰᠢᠶᠠᠬᠤ ᠬᠠᠷᠢᠴᠠᠯ ᠢ ᠪᠠᠭᠤᠷᠠᠭᠤᠯᠵᠤ᠂ ᠠᠵᠤ ᠠᠬᠤᠶᠢᠯᠠᠯ ᠳᠤ ᠲᠦᠮᠡᠨ ᠳ᠋ᠦᠩᠰᠢᠭᠤᠷ ᠰᠢᠬᠠᠮ ᠲᠥᠭᠦᠷᠢᠭ ᠤᠨ ᠰᠦᠢᠳᠭᠡᠯ ᠢ ᠪᠠᠭᠠᠰᠬᠠᠵᠠᠶ᠃ ᠨᠢᠳᠤᠨᠤᠨ ᠤ 1 ᠵᠢᠯ ᠳᠤ 1 . 5 ᠲᠦᠮᠡᠨ ᠳ᠋ᠦᠩᠰᠢᠭᠤᠷ ᠲᠥᠭᠦᠷᠢᠭ ᠢ ᠬᠠᠰᠤᠵᠤ ᠬᠡᠯᠲᠦᠷᠢᠭᠦᠯᠦᠨ᠂ ︽ᠡᠷᠴᠢᠮ ᠪᠠ ᠬᠡᠪᠴᠢᠶ᠎ᠡ ᠨᠢ ᠴᠥᠮ ᠤᠷᠢᠳ ᠡᠮᠦᠨ᠎ᠡ ᠪᠠᠶᠢᠭ᠎ᠠ ᠦᠭᠡᠶ ᠶᠤᠮ︾  ᠭᠡᠪᠡ᠃      ᠨᠢᠶᠧ ᠮᠢᠩ ᠵᠢᠤᠧᠠᠨ᠄ ︽ᠪᠢᠳᠡᠨ ᠤ ᠣᠶᠢᠯᠠᠭᠠᠭᠰᠠᠨ ᠪᠠᠶᠢᠳᠠᠯ ᠠᠴᠠ ᠦᠵᠡᠪᠡᠯ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠪᠣᠯ ᠠᠰᠢᠭ ᠬᠦᠷᠲᠡᠭᠡᠬᠦ ᠨᠣᠷᠮ᠎ᠠ ᠪᠠᠷ ᠬᠠᠮᠤᠭ ᠤᠨ ᠥᠷᠭᠡᠨ᠂ ᠬᠠᠨᠤᠮᠵᠢ ᠶᠢᠨ ᠬᠡᠮᠵᠢᠶ᠎ᠡ ᠪᠠᠷ ᠬᠠᠮᠤᠭ ᠤᠨ ᠥᠨᠳᠥᠷ᠂ ᠬᠠᠮᠤᠭ ᠤᠨ ᠪᠦᠲᠦᠮᠵᠢᠲᠡᠶ ᠳᠡᠮᠵᠢᠯᠭᠡ ᠶᠢᠨ ᠲᠥᠷᠥ ᠶᠢᠨ ᠪᠣᠳᠣᠯᠭ᠎ᠠ ᠮᠥᠨ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠭᠦ᠂ ᠠᠵᠤ ᠠᠬᠤᠶ ᠶᠢᠨ ᠨᠡᠮᠡᠭᠳᠡᠯ ᠢ ᠰᠡᠷᠭᠦᠭᠡᠬᠦ ᠳᠤ ᠴᠢᠬᠤᠯᠠ ᠳᠡᠮᠵᠢᠯᠭᠡ ᠶᠢᠨ ᠦᠢᠯᠡᠳᠦᠯ ᠦᠵᠡᠭᠦᠯᠵᠡᠢ ᠭᠡᠵᠦ ᠠᠵᠤ ᠠᠬᠤᠶᠢᠯᠠᠯ ᠤᠳ ᠨᠡᠶᠢᠳᠡᠮ ᠲᠤᠰᠬᠠᠵᠤ ᠪᠠᠶᠢᠨ᠎ᠠ︾ ᠭᠡᠪᠡ᠃      ᠡᠭᠦᠨ ᠠᠴᠠ ᠭᠠᠳᠠᠨ᠎ᠠ᠂ ᠨᠢᠳᠤᠨᠤᠨ ᠤ 12 ᠰᠠᠷ᠎ᠠ ᠶᠢᠨ ᠰᠡᠭᠦᠯᠴᠢ ᠪᠣᠯᠲᠠᠯ᠎ᠠ᠂ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠲᠤᠭ᠎ᠠ 2019 ᠣᠨ ᠤ ᠵᠢᠯ ᠤᠨ ᠡᠴᠦᠰ ᠤᠨ ᠬᠢ ᠠᠴᠠ ᠲᠣᠰ ᠲᠣᠰ 1619 ᠲᠦᠮᠡᠨ ᠬᠥᠮᠦᠨ᠂ 1147 ᠲᠦᠮᠡᠨ ᠬᠥᠮᠦᠨ᠂ 1291 ᠲᠦᠮᠡᠨ ᠬᠥᠮᠦᠨ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠰᠡᠨ ᠬᠡᠮᠵᠢᠶ᠎ᠠ ᠨᠢ ᠤᠢᠢᠷ᠎ᠠ ᠶᠢᠨ 5 ᠵᠢᠯ ᠳᠤ ᠬᠠᠮᠤᠬ ᠤᠨ ᠦᠡᠳᠦᠷ ᠪᠤᠯᠵᠠᠢ᠃      2020 ᠣᠨ ᠳᠤ᠂ ᠨᠠᠰᠤᠨ ᠤ ᠠᠮᠠᠷᠠᠯᠳᠠ ᠪᠠᠨ ᠠᠪᠤᠬᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ 1 . 2 ᠳ᠋ᠦᠩᠰᠢᠭᠤᠷ ᠭᠠᠷᠤᠶ ᠨᠠᠰᠤᠨ ᠤ ᠠᠮᠠᠷᠠᠯᠳᠠ ᠪᠠᠨ ᠠᠪᠤᠬᠰᠠᠳ ᠲᠤ ᠠᠰᠢᠭ ᠬᠦᠷᠲᠡᠭᠡᠪᠡ᠃ ᠠᠵᠢᠯ ᠠᠯᠳᠠᠯᠲᠠ ᠶᠢᠨ ᠳᠠᠭᠠᠳᠬᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠪᠣᠶ ᠪᠥᠬᠦᠶ ᠬᠤᠲᠠ ᠬᠥᠳᠡᠭᠡ ᠶᠢᠨ ᠳᠠᠭᠠᠳᠬᠠᠯ ᠳᠤ ᠣᠷᠣᠯᠴᠠᠭᠰᠠᠨ ᠠᠵᠢᠯ ᠠᠯᠳᠠᠭᠰᠠᠳ ᠲᠤ ᠬᠦᠷᠲᠡᠯ᠎ᠡ ᠥᠷᠭᠡᠳᠬᠡᠵᠦ᠂ ᠪᠥᠬᠦ ᠵᠢᠯ ᠳᠤ 1337 ᠲᠦᠮᠡᠨ ᠬᠥᠮᠦᠨ ᠠᠳᠠᠯᠢ ᠪᠤᠰᠤ ᠲᠥᠷᠥᠯ ᠵᠦᠢᠯ ᠤᠨ ᠠᠵᠢᠯ ᠠᠯᠳᠠᠯᠲᠠ ᠶᠢᠨ ᠳᠠᠭᠠᠳᠬᠠᠯ ᠤᠨ ᠬᠠᠷᠠᠭᠠᠯᠵᠠᠯ ᠭᠥᠷᠳᠡᠵᠦ᠂ 2019 ᠣᠨ ᠤ ᠬᠢ ᠠᠴᠠ 841 ᠲᠦᠮᠡᠨ ᠬᠥᠮᠦᠨ ᠨᠡᠮᠡᠭᠳᠡᠵᠡᠶ᠃ ᠳᠠᠭᠠᠳᠬᠠᠯ ᠳᠤ ᠣᠷᠣᠯᠴᠠᠬᠤ ᠨᠥᠬᠦᠴᠡᠯ ᠳᠤ ᠨᠡᠶᠢᠴᠡᠬᠦ 17 . 2 ᠲᠦᠮᠡᠨ ᠭᠤᠣᠯᠳᠠᠯᠭ᠎ᠠ ᠲᠠᠢ ᠤᠰᠤᠨ ᠣᠷᠣᠨ ᠤ ᠠᠩᠨᠠᠬᠤ ᠪᠠᠨ ᠵᠣᠭᠰᠣᠭᠰᠠᠨ ᠵᠢᠭᠠᠰᠤᠴᠢᠨ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠪᠠ᠃      ︽ᠲᠣᠳᠣᠷᠬᠠᠶᠢᠯᠠᠬᠤ ᠴᠢᠬᠤᠯᠠᠲᠠᠶ ᠵᠦᠢᠯ ᠭᠡᠪᠡᠯ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠱᠠᠲᠤ ᠦᠶᠡᠴᠢ ᠴᠢᠨᠠᠷᠲᠠᠶ ᠪᠠᠷ ᠬᠠᠰᠤᠵᠤ ᠬᠡᠯᠲᠦᠷᠢᠭᠦᠯᠬᠦ ᠪᠣᠯ ᠨᠢᠭᠡ ᠵᠦᠢᠯ ᠤᠨ ᠲᠦᠷ ᠴᠠᠭ ᠤᠨ ᠴᠢᠨᠠᠷᠲᠠᠶ ᠳᠡᠮᠵᠢᠯᠭᠡ ᠶᠢᠨ ᠲᠥᠷᠥ ᠶᠢᠨ ᠪᠣᠳᠣᠯᠭ᠎ᠠ ᠮᠥᠨ᠂ ᠨᠢᠳᠤᠨᠤᠨ ᠵᠢᠯ ᠤᠨ ᠡᠴᠦᠰ ᠲᠤ ᠨᠢᠭᠡᠨᠲᠡ ᠬᠤᠭᠤᠴᠠᠭ᠎ᠠ ᠨᠢ ᠲᠤᠯᠵᠠᠶ᠂ ᠭᠤᠷᠪᠠᠨ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠡᠨᠡ ᠵᠢᠯ ᠤᠨ 1 ᠰᠠᠷ᠎ᠠ ᠶᠢᠨ 1 ᠤ ᠡᠳᠦᠷ ᠠᠴᠠ ᠡᠬᠢᠯᠡᠨ ᠲᠣᠭᠲᠠᠭᠠᠯ ᠶᠣᠰᠣᠭᠠᠷ ᠬᠡᠪ ᠤᠨ ᠶᠣᠰᠣᠭᠠᠷ ᠲᠠᠲᠠᠪᠤᠷᠢᠯᠠᠬᠤ ᠶᠢ ᠨᠢᠭᠡᠨᠲᠡ ᠰᠡᠷᠭᠦᠭᠡᠭᠰᠡᠨ  ᠶᠤᠮ︾ ᠭᠡᠵᠦ ᠨᠢᠶᠧ ᠮᠢᠩ ᠵᠢᠤᠧᠠᠨ ᠬᠡᠯᠡᠭᠰᠡᠨ ᠢᠶᠠᠨ ᠵᠠᠯᠭᠠᠭᠠᠳ᠂ ᠬᠢᠵᠢᠭ ᠤᠨ ᠪᠠᠶᠢᠳᠠᠯ ᠮᠥᠨ ᠬᠦ ᠣᠷᠣᠰᠢᠵᠤ᠂ ᠬᠡᠰᠡᠭ ᠠᠵᠤ ᠠᠬᠤᠶᠢᠯᠠᠯ ᠤᠨ ᠳᠠᠷᠤᠯᠲᠠ ᠨᠡᠯᠢᠶᠡᠳ ᠶᠡᠭᠡ ᠪᠠᠶᠢᠵᠤ ᠮᠡᠳᠡᠬᠦ ᠶᠢ ᠪᠣᠳᠣᠯᠬᠢᠯᠠᠭᠠᠳ᠂ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤ ᠦᠢᠡᠴᠢ ᠴᠢᠨᠠᠷᠲᠠᠶ ᠪᠠᠷ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠡᠨᠡ ᠵᠢᠯ ᠤᠨ 4 ᠰᠠᠷ᠎ᠠ ᠶᠢᠨ ᠡᠴᠦᠰ ᠲᠤ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ᠂ ᠳᠠᠬᠢᠨ 1 ᠵᠢᠯ ᠤᠷᠳᠤᠳᠬᠠᠵᠤ 2022 ᠣᠨ ᠤ 4 ᠰᠠᠷ᠎ᠠ ᠶᠢᠨ 30 ᠤ ᠡᠳᠦᠷ ᠪᠣᠯᠲᠠᠯ᠎ᠠ ᠤᠷᠲᠤᠳᠬᠠᠨ᠎ᠠ ᠭᠡᠪᠡ᠃http://mongol.people.com.cn/15836340.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ