ᠸᠠᠩ ᠯᠢ ᠰᠢᠶᠠ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠠᠭᠤᠨ ᠤ ᠤᠷᠢᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠠᠭᠤᠷᠢᠶᠠᠯ ᠪᠣᠯᠬᠤ ᠬᠡᠷᠡᠭᠲᠡᠢ
ᠨᠡᠶᠢᠲᠡᠯᠡᠭᠰᠡᠨ ᠴᠠᠭ᠄
2021/1/29
      1 ᠳ᠋ᠦ᠋ᠭᠡᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠬᠥᠬᠡᠬᠤᠲᠠ ᠶᠢᠨ ᠲᠥᠯᠥᠭᠡᠯᠡᠭᠴᠢ ᠶᠢᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠠᠭᠤᠨ ᠤ ᠤᠷᠢᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠠᠭᠤᠷᠢᠶᠠᠯ ᠪᠣᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠡᠨᠡ ᠬᠦ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠭᠤᠣᠯ ᠱᠤᠭᠤᠮ ᠢ ᠴᠢᠩᠭ᠎ᠠ ᠡᠵᠡᠮᠰᠢᠵᠦ᠂ ︽ᠳᠥᠷᠪᠡᠨ ᠤᠬᠠᠮᠰᠠᠷ︾ ᠢᠶᠠᠨ ᠤᠯᠠᠮ ᠨᠢᠭᠡ ᠠᠯᠬᠤᠮ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠡᠮᠦᠨ᠎ᠡ ᠨᠢ ᠶᠠᠪᠤᠵᠤ ᠳᠠᠭᠤᠷᠢᠶᠠᠯ ᠦᠵᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃      ᠬᠢᠨᠠᠨ ᠵᠥᠪᠯᠡᠬᠦ ᠳᠤᠮᠳᠠ᠂ ᠬᠦᠦᠳᠠᠭᠤᠯᠠ᠂ ᠴᠢ ᠶᠢᠨ ᠢᠦᠢ᠂ ᠯᠢ ᠱᠠ ᠯᠢ᠂ ᠸᠠᠩ ᠳ᠋ᠠᠨ᠂ ᠴᠢᠩ ᠱᠧᠩ᠂ ᠴᠢᠦᠢ ᠬᠤᠢ ᠬᠤᠸᠠ᠂ ᠵᠠᠩ ᠰᠢᠨ᠂ ᠸᠠᠩ ᠰᠢ ᠯᠢᠶᠠᠨ᠂ ᠽᠠᠢ ᠯᠢᠶᠠᠨ ᠺᠧ᠂ ᠹᠠᠨ ᠰᠢᠶᠥᠥ ᠫᠢᠩ 10 ᠲᠥᠯᠥᠭᠡᠯᠡᠭᠴᠢ ᠤᠷᠢᠳ ᠬᠤᠵᠢᠳ ᠦᠭᠡ ᠶᠠᠷᠢᠵᠤ᠂ ᠥᠪᠡᠷ ᠤᠨ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠶᠠᠷᠢᠬᠤ᠂ ᠲᠥᠪ ᠬᠤᠲᠠ ᠶᠢᠨ ᠲᠡᠷᠢᠭᠦᠨ ᠤ ᠪᠠᠶᠢᠷᠢ ᠰᠠᠭᠤᠷᠢ ᠶᠢ ᠳᠡᠭᠡᠭᠰᠢᠯᠡᠭᠦᠯᠬᠦ᠂ ᠰᠤᠷᠭᠠᠨ ᠬᠥᠮᠥᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠠᠢ᠃ ᠸᠠᠩ ᠯᠢ ᠰᠢᠶᠠ ᠲᠥᠯᠥᠭᠡᠯᠡᠭᠴᠢᠳ ᠤᠨ ᠶᠠᠷᠢᠶ᠎ᠠ ᠶᠢ ᠰᠣᠨᠣᠰᠬᠤ ᠶᠢᠨ ᠳᠠᠭᠠᠤ ᠬᠠᠮᠢᠶ᠎ᠠ ᠪᠦᠬᠦᠢ ᠠᠰᠠᠭᠤᠳᠠᠯ ᠶᠢᠨ ᠲᠤᠬᠠᠢ ᠣᠯᠠᠨ ᠲᠠᠢ ᠪᠠᠶᠢᠨ ᠪᠠᠶᠢᠨ ᠭᠦᠨᠵᠡᠭᠡᠢ ᠶᠠᠷᠢᠯᠴᠠᠪᠠ᠃      ᠸᠠᠩ ᠯᠢ ᠰᠢᠶᠠ ᠶᠠᠷᠢᠶᠠᠨ ᠳᠠᠭᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ ︵ᠲᠥᠰᠥᠯ︶︾ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠡᠨᠡ ᠬᠦ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠭᠤᠣᠯ ᠱᠤᠭᠤᠮ ᠢ ᠴᠢᠩᠭ᠎ᠠ ᠡᠵᠡᠮᠰᠢᠵᠦ᠂ ᠶᠡᠷᠦᠩᠬᠡᠢ ᠱᠦᠵᠢ ᠰᠢ ᠶᠢᠨ ᠫᠢᠩ ᠶᠢᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭᠠᠨ ᠤ ᠮᠥᠨ ᠴᠢᠨᠠᠷ ᠢ ᠭᠦᠢᠴᠡᠳ ᠬᠠᠷᠠᠭᠤᠯᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠳᠠᠬᠢ ᠰᠢᠢᠳᠪᠦᠷᠢᠲᠦ ᠪᠣᠳᠣᠯᠭ᠎ᠠ ᠱᠠᠭᠠᠷᠳᠠᠯᠭ᠎ᠠ ᠶᠢ ᠬᠠᠷᠠᠭᠤᠯᠵᠤ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠲᠦᠯᠬᠢᠨ ᠠᠬᠢᠭᠤᠯᠵᠤ᠂ ᠰᠢᠨ᠎ᠡ ᠴᠠᠭ ᠦᠶ᠎ᠡ ᠳᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠬᠠᠮᠠᠭᠠᠯᠠᠬᠤ ᠳᠤ ᠴᠢᠬᠤᠯᠠ ᠶᠡᠭᠡ ᠮᠥᠷᠲᠡᠭᠡᠨ ᠠᠯᠤᠰ ᠬᠤᠯᠠ ᠶᠢᠨ ᠤᠳᠬ᠎ᠠ ᠠᠭᠤᠯᠭ᠎ᠠ ᠲᠠᠢ ᠶᠤᠮ ᠭᠡᠵᠡᠢ᠃      ᠸᠠᠩ ᠯᠢ ᠰᠢᠶᠠ ᠵᠢᠭᠠᠬᠤ ᠳᠠᠭᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠡᠭᠦᠷᠭᠡᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠨ᠂ ︽ᠬᠤᠶᠠᠷ ᠬᠠᠯᠬᠠᠪᠴᠢ︾ ᠶᠢ ᠰᠠᠶᠢᠬᠠᠨ ᠪᠦᠲᠦᠭᠡᠨ ᠪᠠᠶᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠨ ᠬᠠᠮᠠᠭᠠᠯᠠᠬᠤ ᠨᠢ ᠪᠦᠬᠦ ᠲᠥᠯᠥᠭᠡᠯᠡᠭᠴᠢᠳ ᠤᠨ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠮᠥᠨ᠃ ᠲᠥᠯᠥᠭᠡᠯᠡᠭᠴᠢᠳ ᠡᠷᠬᠡᠪᠰᠢ ᠤᠯᠤᠰ ᠲᠥᠷᠥ ᠶᠢ ᠡᠷᠬᠢᠮᠯᠡᠬᠦ ᠥᠨᠳᠥᠷ ᠠᠴᠠ ︽ᠳᠦᠷᠢᠮ︾ ᠤᠨ ᠨᠡᠶᠢᠲᠡᠯᠡᠭᠳᠡᠭᠰᠡᠨ ᠤ ᠴᠢᠬᠤᠯᠠ ᠶᠡᠭᠡ ᠪᠣᠳᠠᠲᠤ ᠤᠳᠬ᠎ᠠ ᠠᠭᠤᠯᠭ᠎ᠠ ᠪᠠ ᠠᠯᠤᠰ ᠬᠤᠯᠠ ᠶᠢᠨ ᠲᠡᠦᠬᠡ ᠶᠢᠨ ᠤᠳᠬ᠎ᠠ ᠠᠭᠤᠯᠭ᠎ᠠ ᠶᠢ ᠭᠦᠨᠵᠡᠭᠡᠢ ᠲᠠᠨᠢᠵᠤ᠂ ᠤᠯᠠᠮ ᠨᠢᠭᠡ ᠠᠯᠬᠤᠮ ᠲᠠᠨᠢᠯᠲᠠ ᠪᠠᠨ ᠭᠦᠨᠵᠡᠭᠡᠶᠢᠷᠡᠭᠦᠯᠦᠨ᠂ ᠦᠵᠡᠯ ᠰᠠᠨᠠᠭ᠎ᠠ ᠪᠠᠨ ᠨᠢᠭᠡᠳᠬᠡᠵᠦ᠂ ᠬᠦᠴᠦᠨ ᠵᠣᠷᠢᠭ ᠢᠶᠠᠨ ᠨᠢᠭᠲᠠᠷᠠᠭᠤᠯᠬᠤ ᠬᠡᠷᠡᠭᠲᠡᠢ᠃ ︽ᠤᠯᠤᠰ ᠤᠨ ᠶᠡᠭᠡ ᠶᠠᠪᠤᠳᠠᠯ︾ ᠢ ᠰᠡᠳᠬᠢᠯ ᠳᠡᠭᠡᠨ ᠬᠠᠳᠠᠵᠤ᠂ ᠴᠠᠭ ᠢᠮᠠᠭᠲᠠ ᠤᠯᠤᠰ ᠲᠥᠷᠥ ᠶᠢᠨ ᠵᠣᠭᠰᠣᠴᠠ ᠪᠠᠨ ᠪᠠᠷᠢᠮᠲᠠᠯᠠᠵᠤ᠂ ᠤᠯᠤᠰ ᠲᠥᠷᠥ ᠶᠢᠨ ᠣᠪᠣᠷ ᠢᠶᠠᠨ ᠲᠣᠳᠣᠷᠬᠠᠶᠢᠯᠠᠵᠤ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠬᠠᠷᠠᠭᠤᠯᠤᠨ᠂ ︽ᠳᠦᠷᠢᠮ︾ ᠢ ᠲᠣᠯᠣᠭᠠᠶᠢᠯᠠᠨ ᠰᠤᠷᠤᠯᠴᠠᠵᠤ᠂ ᠲᠣᠯᠣᠭᠠᠶᠢᠯᠠᠨ ᠤᠬᠠᠭᠤᠯᠤᠨ ᠲᠠᠶᠢᠯᠪᠤᠷᠢᠯᠠᠵᠤ᠂ ᠲᠣᠯᠣᠭᠠᠶᠢᠯᠠᠨ ᠬᠡᠷᠡᠭᠵᠢᠭᠦᠯᠵᠦ᠂ ᠲᠣᠯᠣᠭᠠᠶᠢᠯᠠᠨ ᠬᠦᠷᠢᠶᠡᠯᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠡᠭᠡᠷ᠎ᠡ ᠦᠨᠡᠨᠬᠦ ᠡᠮᠦᠨ᠎ᠡ ᠨᠢ ᠶᠠᠪᠤᠵᠤ ᠳᠠᠭᠤᠷᠢᠶᠠᠯ ᠪᠣᠯᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠤᠬᠠᠭᠤᠯᠤᠭᠴᠢ︾ ᠪᠣᠯᠵᠤ᠂ ᠪᠦᠬᠦ ᠨᠡᠶᠢᠭᠡᠮ ᠳᠤ ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠯᠢᠳᠡᠭ ᠤᠯᠠᠮᠵᠢᠯᠠᠯ ᠢ ᠤᠯᠠᠮᠵᠢᠯᠠᠵᠤ᠂ ᠦᠨᠳᠦᠰᠦᠲᠡᠨ ᠨᠦᠭᠦᠳ ᠤᠨ ᠥᠬᠢᠳ ᠬᠥᠪᠡᠭᠦᠳ ᠤᠨ ᠰᠢᠨ᠎ᠡ ᠴᠠᠭ ᠦᠶ᠎ᠡ ᠶᠢᠨ ᠲᠠᠯ᠎ᠠ ᠨᠤᠲᠤᠭ ᠤᠨ ᠦᠯᠢᠭᠡᠷ ᠢ ᠰᠠᠶᠢᠬᠠᠨ ᠶᠠᠷᠢᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠦᠵᠡᠮᠵᠢᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ ᠪᠠᠷ ᠮᠣᠬᠤᠰᠢ ᠦᠭᠡᠢ ᠲᠡᠮᠡᠴᠡᠶ᠎ᠡ ᠭᠡᠵᠡᠢ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号