ᠰᠢᠨᠬᠤᠧᠠ ᠰᠦᠯᠵᠢᠶᠡᠨ ᠤ ᠬᠥᠬᠡᠬᠤᠲᠠ ᠶᠢᠨ 1 ᠰᠠᠷ᠎ᠠ ᠶᠢᠨ 27 ᠤ ᠡᠳᠦᠷ ᠤᠨ ᠮᠡᠳᠡᠭᠡ ︵ᠬᠤᠤ ᠹᠠᠩ ᠹᠠᠩ︶ 2021 ᠣᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ︽ᠠᠮᠤ ᠬᠦᠨᠡᠰᠦᠨ ᠤ ᠤᠨᠠᠯᠲᠠ 700 ᠳ᠋ᠦᠩᠰᠢᠭᠤᠷ | ᠵᠢᠩ ᠠᠴᠠ ᠳᠡᠭᠡᠭᠰᠢ ᠪᠠᠶᠢᠬᠤ ᠶᠢ ᠪᠠᠲᠤᠯᠠᠨ᠎ᠠ︾ ᠭᠡᠳᠡᠭ ᠢ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠶᠢᠨ | ᠨᠢᠭᠡ ᠪᠣᠯᠭᠠᠵᠠᠶ᠃ ᠡᠨᠡ ᠨᠢ ᠮᠥᠨ ᠴᠦ ᠥᠪᠥᠷ ᠮᠣᠩᠭᠤᠯ ᠠᠩᠬ᠎ᠠ ᠤᠳᠠᠭ᠎ᠠ ᠠᠮᠤ ᠬᠦᠨᠡᠰᠦᠨ ᠤ ᠤᠨᠠᠯᠲᠠ ᠶᠢ ᠣᠨ ᠤ ᠭᠤᠤᠯ ᠵᠢᠱᠢᠭᠰᠡᠨ ᠬᠠᠷᠠᠯᠲᠠ ᠳᠠᠭᠠᠨ | ᠣᠷᠣᠭᠤᠯᠤᠭᠰᠠᠨ ᠶᠠᠪᠤᠳᠠᠯ ᠪᠣᠯᠤᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠬᠦ ᠳᠡᠭᠡᠨ᠂ | 2020 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 356 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ | ᠪᠠᠶᠢᠭᠤᠯᠵᠤ᠂ 12.2 ᠲᠦᠮᠡᠨ ᠮᠥ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠪᠠ᠃ ᠪᠥᠬᠦ ᠣᠷᠣᠨ ᠤ ᠠᠮᠤ ᠬᠦᠨᠡᠰᠦᠨ ᠤ ᠤᠨᠠᠯᠲᠠ 732.8 | ᠳ᠋ᠦᠩᠰᠢᠭᠤᠷ ᠵᠢᠩ ᠳᠤ ᠬᠦᠷᠴᠦ᠂ ᠠᠷᠪᠠᠨ ᠲᠤᠯᠤᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠵᠠᠢ ᠭᠡᠵᠦ ᠬᠡᠯᠡᠪᠡ᠃ | ᠪᠦ᠋ ᠰᠢᠶᠤᠤ ᠯᠢᠨ᠄ 2021 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠮᠤ ᠬᠦᠨᠡᠰᠦᠨ ᠤ ᠤᠨᠠᠯᠲᠠ ᠶᠢ ᠪᠠᠲᠤᠯᠠᠬᠤ ᠳᠤ | ᠭᠠᠵᠠᠷ ᠰᠢᠷᠣᠶ ᠶᠢ ᠰᠠᠶᠢᠵᠢᠷᠠᠭᠤᠯᠬᠤ ᠳᠤ ᠲᠦᠰᠢᠭᠯᠡᠬᠦ᠂ ᠠᠮᠤ ᠬᠦᠨᠡᠰᠦᠨ ᠤ ᠤᠨᠠᠯᠲᠠ ᠶᠢ ᠨᠡᠮᠡᠭᠳᠡᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠳᠤ | ᠲᠦᠰᠢᠭᠯᠡᠬᠦ ᠶᠢ ᠪᠠᠷᠢᠮᠲᠠᠯᠠᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠲᠣᠨᠣᠭᠯᠠᠯ ᠤᠨ | ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠥᠬᠦ ᠶᠠᠪᠤᠴᠠ ᠶᠢᠨ ᠮᠠᠰᠢᠨᠴᠢᠯᠠᠯᠲᠠ ᠶᠢ | ᠠᠬᠢᠭᠤᠯᠤᠨ᠎ᠠ᠃ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠤᠰᠤᠨ ᠤ ᠬᠡᠮᠵᠢᠶ᠎ᠡ ᠶᠢ ᠦᠨᠳᠦᠰᠦᠯᠡᠨ ᠬᠢᠬᠦ︾ ᠶᠢ ᠪᠠᠷᠢᠮᠲᠠᠯᠠᠵᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ 459 ᠲᠦᠮᠡᠨ ᠮᠥ ᠰᠢᠨ᠎ᠡ ᠪᠠᠷ ᠪᠠᠶᠢᠭᠤᠯᠵᠤ᠂ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠬᠤ ᠪᠠ ᠬᠠᠷ᠎ᠠ | ᠬᠥᠷᠥᠰᠥᠲᠦ ᠭᠠᠵᠠᠷ ᠲᠤ ᠬᠠᠮᠠᠭᠠᠯᠠᠬᠤ ᠴᠢᠨᠠᠷᠲᠠᠶ ᠲᠠᠷᠢᠶᠠᠯᠠᠬᠤ ᠶᠢ ᠦᠷᠭᠦᠯᠵᠢᠯᠡᠨ ᠠᠬᠢᠭᠤᠯᠤᠨ᠎ᠠ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ | ᠂ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠶᠢ ᠵᠢᠷᠤᠮᠵᠢᠭᠤᠯᠤᠨ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ | ᠭᠡᠷ ᠪᠠᠶᠢᠰᠢᠩ ᠪᠠᠷᠢᠬᠤ ᠠᠰᠠᠭᠤᠳᠠᠯ ᠢ ᠴᠡᠭᠴᠡᠯᠡᠨ ᠵᠠᠰᠠᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠨ᠂ ︽ᠠᠮᠤ | ᠬᠦᠨᠡᠰᠦᠨ ᠤ ᠪᠤᠰᠤ ᠪᠣᠯᠭᠠᠬᠤ︾ ᠶᠢ ᠰᠡᠷᠭᠡᠶᠢᠯᠡᠨ ᠬᠤᠷᠢᠭᠯᠠᠵᠤ᠂ ᠠᠮᠤ ᠬᠦᠨᠡᠰᠦ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠤᠨ᠎ᠠ᠃ ᠡᠭᠦᠨ ᠤ ᠬᠠᠮᠲᠤ ᠥᠪᠥᠷ | ᠮᠣᠩᠭᠤᠯ ᠦᠷ᠎ᠡ ᠶᠢᠨ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠲᠠᠷᠢᠮᠠᠯ᠂ ᠣᠶ ᠰᠢᠭᠤᠶ ᠡᠪᠡᠰᠦ ᠵᠡᠷᠭᠡ ᠦᠷ᠎ᠡ ᠶᠢᠨ ᠡᠳ᠋ ᠤᠨ | ᠡᠬᠢ ᠪᠠᠶᠠᠯᠢᠭ ᠤᠨ ᠬᠥᠮᠥᠷᠭᠡ ᠶᠢ ᠪᠥᠲᠥᠭᠡᠨ ᠪᠠᠶᠢᠭᠤᠯᠵᠤ᠂ ᠦᠷ᠎ᠡ ᠪᠤᠶᠢᠵᠢᠭᠤᠯᠵᠤ ᠰᠢᠨ᠎ᠡ ᠶᠢ ᠡᠭᠦᠳᠬᠦ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ | ᠴᠢᠳᠠᠪᠤᠷᠢ ᠶᠢ ᠳᠡᠭᠡᠭᠰᠢᠯᠡᠭᠦᠯᠦᠨ᠎ᠡ ᠭᠡᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠮᠠᠨ ᠤ ᠤᠯᠤᠰ ᠤᠨ ᠠᠮᠤ ᠬᠦᠨᠡᠰᠦᠨ ᠤ ᠴᠢᠬᠤᠯᠠ ᠭᠠᠷᠤᠯᠲᠠ ᠶᠢᠨ ᠣᠷᠣᠨ ᠤ ᠨᠢᠭᠡ | ᠪᠣᠯᠤᠨ᠎ᠠ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2020 ᠣᠨ ᠳᠤ᠂ ᠥᠪᠥᠷ ᠮᠣᠩᠭᠤᠯ ᠤᠨ ᠠᠮᠤ ᠬᠦᠨᠡᠰᠦᠨ ᠤ ᠶᠡᠷᠦᠩᠬᠡᠢ ᠤᠨᠠᠯᠲᠠ 732.8 | ᠳ᠋ᠦᠩᠰᠢᠭᠤᠷ ᠵᠢᠩ ᠳᠤ ᠬᠦᠷᠴᠦ᠂ ᠳᠡᠭᠡᠷ᠎ᠡ ᠵᠢᠯ ᠤᠨ ᠬᠢ ᠠᠴᠠ ᠪᠠᠨ 2.3 ᠳ᠋ᠦᠩᠰᠢᠭᠤᠷ ᠵᠢᠩ ᠨᠡᠮᠡᠭᠳᠡᠵᠦ᠂ ᠪᠦᠬᠦ ᠤᠯᠤᠰ ᠲᠤ ᠨᠠᠢᠮᠠᠳᠤᠭᠠᠷ ᠲᠤ ᠣᠷᠣᠵᠤ᠂ | ᠤᠯᠤᠰ ᠠᠴᠠ ᠥᠪᠥᠷ ᠮᠣᠩᠭᠤᠯ ᠳᠤ ᠪᠠᠭᠤᠯᠭᠠᠭᠰᠠᠨ ᠠᠮᠤ ᠬᠦᠨᠡᠰᠦᠨ ᠤ ᠦᠢᠯᠡᠳᠪᠦᠷᠢᠯᠡᠯ ᠤᠨ ᠬᠠᠷᠠᠯᠲᠠ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠥᠪᠥᠷ | ᠮᠣᠩᠭᠤᠯ ᠤᠨ ᠠᠮᠤ ᠬᠦᠨᠡᠰᠦᠨ ᠤ ᠶᠡᠷᠦᠩᠬᠡᠢ ᠤᠨᠠᠯᠲᠠ 3 ᠵᠢᠯ ᠳᠠᠷᠠᠭᠠᠯᠠᠨ 700 ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠤᠯᠤᠰ ᠤᠨ | ᠠᠮᠤ ᠬᠦᠨᠡᠰᠦᠨ ᠤ ᠠᠮᠤᠷ ᠲᠦᠪᠰᠢᠨ ᠢ ᠬᠦᠴᠦᠲᠡᠢ ᠪᠠᠲᠤᠯᠠᠪᠠ᠃ | http://mongol.people.com.cn/15836464.html |