ᠬᠥᠬᠡᠬᠤᠲᠠ ᠶᠢᠨ ᠵᠣᠬᠢᠶᠠᠨ ᠪᠠᠶᠢᠭᠤᠯᠬᠤ ᠬᠡᠯᠲᠡᠰ ᠰᠢᠨ᠎ᠡ ᠬᠤᠳᠠ ᠲᠣᠭᠤᠷᠢᠭ ᠤᠨ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠮᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2021/1/4
    12 ᠳ᠋ᠤᠭᠠᠷ ᠰᠠᠷ᠎ᠠ ᠶᠢᠨ 31 ᠤ ᠦᠳᠡ ᠶᠢᠨ ᠬᠤᠶᠢᠨ᠎ᠠ᠂ ᠬᠥᠬᠡᠬᠤᠲᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠰᠢᠶᠠ ᠶᠦᠩ ᠰᠢᠤᠸᠠᠢ ᠨᠠᠷ ᠰᠢᠨ᠎ᠡ ᠬᠤᠲᠠ ᠲᠣᠭᠤᠷᠢᠭ ᠤᠨ ᠠᠶᠤᠯᠭᠦᠶ  ᠦᠢᠯᠡᠳᠪᠦᠷᠢᠯᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠮᠳᠠᠭᠤᠯᠤᠨ ᠪᠠᠶᠢᠴᠠᠭᠠᠪᠠ᠃ ᠰᠢᠨ᠎ᠡ ᠬᠤᠲᠠ ᠲᠣᠭᠤᠷᠢᠭ ᠤᠨ ᠵᠣᠬᠢᠶᠠᠨ ᠪᠠᠶᠢᠭᠤᠯᠬᠤ ᠬᠡᠯᠲᠡᠰ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠪᠠᠷ᠎ᠠ ᠪᠣᠯᠪᠠ᠃     ᠪᠠᠶᠢᠴᠠᠭᠠᠬᠤ ᠳᠤᠭᠤᠶᠢᠯᠠᠩ ᠵᠢᠤ ᠾᠧ ᠤᠤ ᠯᠠᠶ᠂ ᠪᠢᠨ ᠬᠠᠶ ᠬᠤᠳᠠᠯᠳᠤᠭᠠᠨ ᠤ ᠲᠠᠯᠠᠪᠠᠶ ᠵᠡᠷᠭᠡ ᠬᠤᠶᠠᠷ ᠬᠥᠮᠦᠨ ᠣᠯᠠᠨ ᠴᠤᠭᠯᠠᠷᠠᠬᠤ ᠭᠠᠵᠠᠷ ᠲᠤ ᠪᠠᠶᠢᠴᠠᠭᠠᠯᠲᠠ ᠬᠢᠵᠡᠶ᠃ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠯᠠᠪᠯᠠᠨ ᠠᠰᠠᠭᠤᠬᠤ᠂ ᠮᠠᠲ᠋ᠧᠷᠢᠶᠠᠯ ᠪᠠᠶᠢᠴᠠᠭᠠᠨ ᠦᠵᠡᠬᠦ ᠪᠠᠷ ᠳᠠᠮᠵᠢᠭᠤᠯᠤᠨ ᠰᠢᠨ᠎ᠡ ᠬᠤᠲᠠ ᠲᠣᠭᠤᠷᠢᠭ ᠤᠨ ᠠᠶᠤᠯᠭᠦᠶ ᠦᠢᠯᠡᠳᠪᠦᠷᠢᠯᠷᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠤᠲᠠᠯᠠᠪᠠ᠃     ᠬᠡᠯᠲᠡᠰ ᠤᠨ ᠳᠠᠷᠤᠭ᠎ᠠ ᠰᠢᠶᠠ ᠶᠦᠩ ᠰᠢᠤᠸᠠᠢ ᠵᠢᠭᠠᠵᠤ ᠭᠠᠷᠭᠠᠭᠰᠠᠨ ᠨᠢ᠄ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠯᠪᠡᠷᠢ ᠮᠥᠨ ᠬᠦᠨᠳᠦ ᠨᠣᠴᠢᠲᠠᠶ ᠪᠠᠶᠢᠵᠤ᠂ ᠡᠷᠬᠡᠪᠰᠢ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠣᠶᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ︽ᠬᠤᠶᠠᠷ ᠪᠠᠶᠠᠷ︾᠂ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠪᠡ᠃
                   ︵ᠰᠢᠨ᠎ᠡ ᠬᠤᠲᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠵᠣᠣ ᠴᠧᠨ ᠭᠤᠸᠠᠩ ᠡᠬᠡ ᠪᠢᠴᠢᠭ ᠬᠠᠩᠭᠠᠪᠠ︶
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号