︵ᠰᠤᠷᠪᠤᠯᠵᠢᠯᠠᠭᠴᠢ ᠰᠦᠩ ᠰᠢᠶᠠᠩ ᠬᠤᠸᠠ︶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ | ᠬᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠥᠪᠵᠢᠭᠦᠯᠭᠡ ᠯᠦᠭᠡ ᠠᠭᠤᠰᠤᠯᠴᠠᠭᠤᠯᠤᠨ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠲᠣᠳᠣᠷᠬᠠᠶᠢᠯᠠᠭᠰᠠᠨ ᠤᠯᠤᠰ ᠠᠷᠠᠳ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠠᠵᠤ ᠦᠢᠯᠡᠰ ᠤᠨ ᠬᠥᠭᠵᠢᠯᠲᠡ ᠶᠢᠨ ᠴᠢᠭᠯᠡᠯ᠂ | ᠭᠤᠣᠯᠳᠠᠯᠭ᠎ᠠ ᠲᠠᠢ ᠲᠥᠷᠥᠯ ᠵᠦᠢᠯ ᠵᠡᠷᠭᠡ ᠠᠭᠤᠯᠭ᠎ᠠ ᠶᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠶᠡᠷᠦᠩᠬᠡᠢ ᠲᠥᠯᠥᠪᠵᠢᠭᠦᠯᠭᠡ ᠶᠢ ᠨᠠᠶᠢᠷᠠᠭᠤᠯᠬᠤ ᠳᠤᠮᠳᠠ ᠨᠠᠶᠢᠳᠠᠪᠤᠷᠢᠵᠢᠭᠤᠯᠵᠤ᠂ ᠰᠢᠨ᠎ᠡ ᠦᠨᠳᠦᠰᠦᠨ ᠪᠦᠲᠦᠭᠡᠨ | ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ᠂ ᠨᠡᠶᠢᠭᠡᠮ ᠤᠨ | ᠠᠷᠠᠳ ᠤᠨ ᠠᠮᠢᠳᠤᠷᠠᠯ᠂ ᠰᠣᠶᠣᠯ ᠵᠢᠭᠤᠯᠴᠢᠯᠠᠯ᠂ ᠠᠮᠢ ᠠᠬᠤᠢ ᠶᠢ ᠰᠡᠷᠭᠦᠭᠡᠬᠦ ᠵᠡᠷᠭᠡ ᠲᠥᠷᠥᠯ ᠵᠦᠢᠯ ᠢ ᠬᠤᠲᠠ᠂ | ᠬᠤᠰᠢᠭᠤ ᠰᠢᠶᠠᠨ ᠬᠤᠶᠠᠷ ᠲᠡᠰ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ | ᠲᠥᠯᠥᠪᠵᠢᠭᠦᠯᠭᠡ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠨᠠᠷᠢᠨ ᠬᠠᠭᠤᠳᠠᠰᠤᠨ ᠳᠤ ᠣᠷᠣᠭᠤᠯᠵᠤ᠂ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠴᠢᠨᠠᠷ | ᠰᠠᠶᠢᠲᠠᠢ ᠥᠨᠳᠥᠷ ᠪᠠᠷᠢᠮᠵᠢᠶ᠎ᠠ ᠲᠠᠢ ᠪᠡᠶᠡᠯᠡᠭᠦᠯᠬᠦ ᠶᠢ ᠪᠠᠲᠤᠯᠠᠪᠠ᠃ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠪᠦᠬᠦ ᠬᠤᠲᠠ ᠶᠢᠨ ᠪᠠᠶᠢᠭᠠᠯᠢ ᠶᠢᠨ ᠡᠬᠢ | ᠪᠠᠶᠠᠯᠢᠭ ᠤᠨ ᠰᠢᠰᠲ᠋ᠧᠮ ᠤᠨ ᠬᠢᠨ ᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠦᠷᠢᠮ | ᠲᠣᠭᠲᠠᠭᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠳᠡᠭᠡᠳᠦ ᠳᠣᠣᠷ᠎ᠠ ᠱᠠᠲᠤ ᠬᠠᠮᠲᠤᠷᠠᠯᠴᠠᠨ ᠨᠡᠶᠢᠯᠡᠯ | ᠬᠦᠴᠦᠨ ᠢ ᠪᠦᠷᠢᠯᠳᠦᠭᠦᠯᠬᠦ ᠬᠡᠷᠡᠭᠲᠡᠢ︔ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ | ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠡᠭᠦᠳᠡ ᠪᠠᠨ ᠨᠡᠭᠡᠭᠡᠵᠦ ᠠᠷᠭ᠎ᠠ ᠪᠣᠳᠣᠯᠭ᠎ᠠ ᠠᠰᠠᠭᠤᠨ᠂ ᠠᠵᠢᠯ ᠤᠨ | ᠡᠮᠬᠢ ᠳᠠᠷᠠᠭ᠎ᠠ᠂ ᠠᠶᠢᠵᠠᠮ ᠴᠣᠬᠢᠯᠭ᠎ᠠ᠂ ᠡᠷᠴᠢᠮ ᠬᠦᠴᠦ ᠪᠠᠨ ᠡᠵᠡᠮᠰᠢᠵᠦ᠂ ᠠᠰᠠᠭᠤᠳᠠᠯ ᠢ ᠢᠳᠡᠪᠬᠢᠲᠡᠢ | ᠰᠠᠨᠠᠭᠠᠴᠢᠯᠠᠭ᠎ᠠ ᠲᠠᠢ ᠴᠡᠭᠴᠡᠯᠡᠨ ᠵᠠᠰᠠᠬᠤ ᠬᠡᠷᠡᠭᠲᠡᠢ︔ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ | ᠬᠠᠤᠯᠢ ᠴᠠᠭᠠᠵᠠ ᠶᠢ ᠴᠢᠩᠭ᠎ᠠ ᠰᠠᠬᠢᠵᠤ᠂ ᠠᠵᠢᠯ ᠤᠨ ᠳᠤᠮᠳᠠ ᠲᠤᠯᠭᠠᠷᠠᠭᠰᠠᠨ ᠪᠣᠳᠠᠲᠠᠢ ᠵᠥᠷᠢᠴᠡᠯ ᠪᠠ | ᠠᠰᠠᠭᠤᠳᠠᠯ ᠢ ᠴᠠᠭ ᠳᠠᠷᠤᠢ ᠳᠤᠨᠢ ᠦᠨᠡᠨ ᠮᠥᠨ ᠢᠶᠠᠷ ᠲᠤᠰᠬᠠᠵᠤ᠂ ᠵᠠᠰᠠᠪᠤᠷᠢ ᠬᠢᠬᠦ ᠰᠠᠨᠠᠯ ᠰᠠᠨᠠᠭᠤᠯᠭ᠎ᠠ ᠶᠢ ᠤᠯᠠᠮ | ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠬᠤᠷᠢᠶᠠᠩᠭᠤᠶᠢᠯᠠᠨ ᠡᠮᠬᠢᠳᠬᠡᠵᠦ᠂ ᠳᠠᠷᠠᠭᠠᠴᠢ ᠶᠢᠨ ᠠᠯᠬᠤᠮ ᠤᠨ ᠠᠵᠢᠯ | ᠳᠤᠮᠳᠠ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ | ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ ᠭᠡᠵᠦ | ᠱᠠᠭᠠᠷᠳᠠᠪᠠ᠃ |