︵ᠰᠤᠷᠪᠤᠯᠵᠢᠯᠠᠭᠴᠢ ᠯᠢᠶᠠᠩ ᠵᠢᠩ ᠱᠤ᠋︶ ᠣᠷᠴᠢᠮᠬᠠᠨ᠂ ᠬᠥᠬᠡᠬᠤᠲᠠ ᠶᠢᠨ ᠭᠡᠷ ᠪᠦᠯᠢ ᠶᠢᠨ ᠬᠥᠮᠥᠵᠢᠯ ᠤᠨ | ᠰᠢᠨ᠎ᠡ ᠶᠢ ᠡᠭᠦᠳᠬᠦ ᠦᠢᠯᠡᠳᠦᠯᠭᠡ ᠶᠢᠨ ᠰᠠᠭᠤᠷᠢᠨ ᠤ ᠫᠠᠶᠢᠰᠠ ᠡᠯᠭᠦᠬᠦ ᠶᠣᠰᠣᠯᠠᠯ ᠵᠢᠴᠢ ᠬᠥᠬᠡᠬᠤᠲᠠ ᠶᠢᠨ ᠨᠡᠶᠢᠭᠡᠮ | ᠲᠣᠭᠤᠷᠢᠭ ᠤᠨ ᠭᠡᠷ ᠤᠨ ᠠᠬᠠᠮᠠᠳ ᠤᠨ ᠰᠤᠷᠭᠠᠭᠤᠯᠢ ᠪᠠᠷ ᠲᠣᠭᠤᠷᠢᠨ ᠰᠤᠷᠤᠯᠴᠠᠬᠤ ᠬᠤᠷᠠᠯ ᠬᠤᠲᠤᠩ ᠠᠷᠠᠳ ᠤᠨ | ᠲᠣᠭᠤᠷᠢᠭ ᠤᠨ ᠰᠠᠨ ᠱᠦᠨ ᠳ᠋ᠢᠶᠠᠨ ᠨᠡᠶᠢᠭᠡᠮ ᠲᠣᠭᠤᠷᠢᠭ ᠲᠤ ᠶᠠᠪᠤᠭᠳᠠᠪᠠ᠃ | ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ | ᠵᠣᠬᠢᠶᠠᠨ ᠪᠠᠶᠢᠭᠤᠯᠤᠯᠲᠠ ︽ᠠᠶᠢᠯ ᠭᠡᠷ ᠪᠣᠯᠭᠠᠨ ᠵᠣᠯ ᠵᠢᠷᠭᠠᠯᠲᠠᠢ ᠠᠮᠤᠷ ᠠᠮᠤᠭᠤᠯᠠᠩ ᠢᠨᠵᠧᠨᠧᠷᠢᠩ︾ ᠢ | ᠬᠡᠷᠡᠭᠵᠢᠭᠦᠯᠬᠦ ᠶᠠᠪᠤᠴᠠ ᠳᠠᠭᠠᠨ ᠭᠡᠷ ᠤᠨ ᠠᠬᠠᠮᠠᠳ ᠤᠨ ᠰᠤᠷᠭᠠᠭᠤᠯᠢ ᠪᠠᠷ ᠲᠠᠪᠴᠠᠩ ᠪᠣᠯᠭᠠᠨ᠂ ᠲᠤᠰᠬᠠᠢ | ᠮᠡᠷᠭᠡᠵᠢᠯ ᠤᠨ ᠭᠡᠷ ᠪᠦᠯᠢ ᠶᠢᠨ ᠬᠥᠮᠥᠵᠢᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠨᠡᠪᠴᠢᠭᠦᠯᠵᠦ᠂ ᠭᠡᠷ | ᠪᠦᠯᠢ ᠶᠢᠨ ᠬᠥᠮᠥᠵᠢᠯ ᠢ ᠤᠯᠠᠮᠵᠢᠯᠠᠨ ᠲᠠᠷᠬᠠᠭᠠᠬᠤ ᠠᠴᠢᠶᠠᠯᠠᠪᠤᠷᠢ ᠳᠤ ᠰᠢᠨ᠎ᠡ ᠶᠢ ᠡᠭᠦᠳᠴᠦ᠂ ᠪᠠᠶᠠᠯᠢᠭ ᠠᠭᠤᠯᠭ᠎ᠠ | ᠲᠠᠢ ᠬᠥᠳᠡᠯᠭᠡᠭᠡᠨ ᠥᠷᠨᠢᠭᠦᠯᠦᠨ᠂ ᠰᠢᠯᠢᠳᠡᠭ ᠭᠡᠷ ᠪᠦᠯᠢ ᠶᠢᠨ ᠬᠥᠮᠥᠵᠢᠯ ᠢ ᠥᠷᠭᠡᠨ ᠢᠶᠠᠷ ᠤᠬᠠᠭᠤᠯᠪᠠ᠃ | ᠡᠭᠦᠨ ᠠᠴᠠ ᠬᠤᠶᠢᠰᠢ᠂ ᠮᠠᠨ ᠤ ᠬᠤᠲᠠ ᠶᠢᠨ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ | ᠪᠠᠶᠢᠭᠤᠯᠤᠯᠲᠠ ᠡᠨᠡ ᠤᠳᠠᠭᠠᠨ ᠤ ᠲᠣᠭᠤᠷᠢᠨ ᠰᠤᠷᠤᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠨ᠂ ᠪᠦᠬᠦ | ᠬᠤᠲᠠ ᠶᠢᠨ ᠭᠡᠷ ᠪᠦᠯᠢ ᠶᠢᠨ ᠬᠥᠮᠥᠵᠢᠯ ᠤᠨ ᠠᠵᠢᠯ ᠢ ᠦᠷᠭᠦᠯᠵᠢᠯᠡᠨ ᠠᠬᠢᠭᠤᠯᠤᠨ ᠳᠡᠭᠡᠭᠰᠢᠯᠡᠭᠦᠯᠵᠦ᠂ ᠭᠡᠷ | ᠪᠦᠯᠢ ᠶᠢᠨ ᠬᠥᠮᠥᠵᠢᠯ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤᠮᠳᠠᠬᠢ ᠴᠢᠬᠤᠯᠠ ᠦᠢᠯᠡᠳᠦᠯ ᠢ | ᠦᠨᠡᠨᠬᠦ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠭᠡᠷ ᠤᠨ ᠠᠬᠠᠮᠠᠳ ᠤᠨ ᠰᠤᠷᠭᠠᠭᠤᠯᠢ ᠵᠡᠷᠭᠡ ᠭᠡᠷ ᠪᠦᠯᠢ ᠶᠢᠨ | ᠬᠥᠮᠥᠵᠢᠯ ᠤᠨ ᠵᠢᠯᠣᠭᠤᠳᠤᠯᠭ᠎ᠠ ᠦᠢᠯᠡᠴᠢᠯᠡᠭᠡ ᠶᠢᠨ ᠰᠠᠭᠤᠷᠢᠨ ᠤ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ | ᠥᠷᠭᠡᠨ ᠣᠯᠠᠨ ᠭᠡᠷ ᠪᠦᠯᠢ᠂ ᠡᠮᠡᠭᠲᠡᠶᠢᠴᠦᠳ ᠬᠡᠦᠬᠡᠳᠦᠨ ᠬᠠᠷᠢᠯᠴᠠᠨ ᠬᠠᠶᠢᠷᠠᠯᠠᠵᠤ ᠬᠠᠯᠠᠮᠵᠢᠯᠠᠭᠰᠠᠨ ᠭᠡᠷ | ᠪᠦᠯᠢ ᠶᠢᠨ ᠬᠠᠷᠢᠴᠠᠭ᠎ᠠ ᠶᠢ ᠪᠠᠶᠢᠭᠤᠯᠬᠤ ᠶᠢ ᠨᠢ ᠵᠢᠯᠣᠭᠤᠳᠤᠨ᠂ ᠥᠭᠡᠳᠡᠷᠬᠡᠭ ᠡᠶ᠎ᠡ ᠡᠪᠲᠡᠢ ᠪᠠᠶᠢᠬᠤ ᠭᠡᠷ ᠪᠦᠯᠢ ᠶᠢᠨ | ᠰᠠᠶᠢᠬᠠᠨ ᠰᠤᠷᠲᠠᠯ ᠢ ᠪᠠᠳᠠᠷᠠᠭᠤᠯᠵᠤ᠂ ᠭᠡᠷ ᠪᠦᠯᠢ ᠶᠢᠨ ᠭᠡᠰᠢᠭᠦᠨ ᠪᠦᠬᠦᠨ ᠢ ᠥᠭᠡᠳᠡᠷᠬᠡᠭ ᠪᠣᠯᠭᠠᠵᠤ᠂ ᠭᠡᠷ | ᠪᠥᠯᠢ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠪᠠᠷ ᠴᠢᠷᠮᠠᠶᠢᠬᠤ ᠪᠣᠯᠣᠨ᠎ᠠ᠃ |