ᠰᠢᠨᠬᠤᠧᠠ ᠰᠦᠯᠵᠢᠶᠡᠨ ᠤ ᠬᠥᠬᠡᠬᠤᠲᠠ ᠶᠢᠨ 12 ᠰᠠᠷ᠎ᠠ ᠶᠢᠨ 29 ᠤ ᠡᠳᠦᠷ ᠤᠨ ᠮᠡᠳᠡᠭᠡ ︵ᠰᠢᠤᠢ ᠬᠤᠩ | ᠮᠧᠶ︶ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠬᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ︽ᠠᠷᠪᠠᠨ ᠭᠤᠷᠪᠠᠳᠤᠭᠠᠷ ᠲᠠᠪᠤᠨ ᠵᠢᠯ︾ | ᠤᠨ ᠬᠤᠭᠤᠴᠠᠭᠠᠨ ᠤ ᠥᠪᠥᠷ ᠮᠣᠩᠭᠤᠯ ᠤᠨ ᠣᠯᠠᠨ ᠨᠡᠶᠢᠲᠡ ᠶᠢᠨ ᠰᠣᠶᠣᠯ ᠤᠨ ᠬᠥᠭᠵᠢᠯᠲᠡ ᠶᠢᠨ ᠬᠢᠷᠢ | ᠪᠦᠲᠦᠮᠵᠢ ᠶᠢᠨ ᠬᠠᠭᠤᠳᠠᠰᠤ ᠶᠢ ᠨᠡᠶᠢᠲᠡᠯᠡᠪᠡ᠃ | ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢ ᠣᠯᠠᠨ ᠲᠦᠮᠡᠨ ᠬᠡᠷᠡᠭᠯᠡᠬᠦ ᠳᠤᠷᠠᠲᠠᠶ ᠪᠤᠯᠪᠠ | ᠲᠠᠪᠤᠨ ᠵᠢᠯ ᠤᠨ ᠲᠤᠷᠰᠢ᠂ ᠥᠪᠥᠷ ᠮᠣᠩᠭᠤᠯ ᠨᠢᠭᠡ ᠪᠦᠯᠦᠭ ᠬᠤᠲᠠ ᠬᠥᠳᠡᠭᠡ ᠪᠠᠷ ᠲᠦᠭᠡᠭᠰᠡᠨ ᠣᠯᠠᠨ | ᠨᠡᠶᠢᠲᠡ ᠶᠢᠨ ᠰᠣᠶᠣᠯ ᠤᠨ ᠰᠠᠭᠤᠷᠢ ᠲᠥᠬᠦᠭᠡᠷᠦᠮᠵᠢ ᠶᠢ ᠪᠥᠲᠥᠭᠡᠨ ᠪᠠᠶᠢᠭᠤᠯᠵᠤ᠂ ᠰᠦᠢᠳᠭᠡᠯ ᠦᠯᠦ ᠬᠤᠷᠢᠶᠠᠬᠤ | ᠪᠤᠶᠤ ᠰᠦᠢᠳᠭᠡᠯ ᠪᠠᠭ᠎ᠠ ᠬᠤᠷᠢᠶᠠᠨ ᠴᠢᠯᠥᠭᠡᠲᠡᠶ ᠨᠡᠭᠡᠭᠡᠵᠦ᠂ ᠣᠯᠠᠨ ᠲᠦᠮᠡᠨ ᠢ ᠬᠡᠷᠡᠭᠯᠡᠬᠦ ᠳᠤ ᠲᠥᠬᠦᠮ᠂ | ᠬᠡᠷᠡᠭᠯᠡᠬᠦ ᠳᠤ ᠳᠤᠷᠠᠲᠠᠶ ᠪᠣᠯᠭᠠᠪᠠ᠃ | ᠪᠦᠬᠦ ᠣᠷᠣᠨ ᠣᠯᠠᠨ ᠨᠡᠶᠢᠲᠡ ᠶᠢᠨ ᠨᠣᠮ ᠤᠨ ᠰᠠᠩ ᠢ 117᠂ ᠰᠣᠶᠣᠯ ᠤᠨ ᠣᠷᠳᠣᠨ ᠢ 120᠂ | ᠮᠦᠽᠧᠶ ᠶᠢ 178᠂ ᠤᠷᠠᠨ ᠵᠢᠷᠤᠭ ᠤᠨ ᠣᠷᠳᠣᠨ ᠢ 25᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ | ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ ᠥᠷᠲᠡᠭᠡ ᠶᠢ 1086᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ | ᠤ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ ᠠᠵᠢᠯᠯᠠᠭᠠᠨ ᠤ ᠲᠥᠪ ᠢ 12522 ᠪᠠᠶᠢᠭᠤᠯᠵᠤ᠂ ᠪᠦᠬᠦ ᠣᠷᠣᠨ ᠢ | ᠬᠠᠮᠤᠷᠤᠭᠰᠠᠨ ᠲᠠᠪᠤᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠲᠦᠭᠦᠭᠡᠷᠦᠮᠵᠢ ᠶᠢᠨ ᠲᠣᠣᠷ ᠰᠦᠯᠵᠢᠶ᠎ᠡ ᠶᠢ | ᠦᠨᠳᠦᠰᠦᠨ ᠳᠡᠭᠡᠨ ᠪᠦᠷᠢᠯᠳᠦᠬᠦᠯᠵᠡᠢ᠃ ᠥᠪᠥᠷ ᠮᠣᠩᠭᠤᠯ ᠤᠨ ᠬᠤᠪᠢᠰᠬᠠᠯ ᠤᠨ ᠲᠡᠤᠬᠡ ᠶᠢᠨ ᠮᠦᠽᠧᠶ ᠵᠡᠷᠭᠡ ᠨᠢᠭᠡ | ᠪᠦᠯᠦᠭ ᠣᠯᠠᠨ ᠨᠡᠶᠢᠲᠡ ᠶᠢᠨ ᠰᠣᠶᠣᠯ ᠤᠨ ᠰᠠᠭᠤᠷᠢ ᠲᠦᠭᠦᠭᠡᠷᠦᠮᠵᠢ ᠶᠢᠨ ᠴᠢᠬᠤᠯᠠ ᠲᠥᠷᠥᠯ ᠵᠦᠢᠯ ᠢ | ᠤᠷᠤᠭᠰᠢᠲᠠᠶ ᠠᠬᠢᠭᠤᠯᠪᠠ᠃ ᠪᠦᠬᠦ ᠣᠷᠣᠨ ᠤ ᠪᠡᠶ᠎ᠡ ᠶᠢᠨ ᠲᠠᠮᠢᠷ ᠤᠨ ᠲᠠᠯᠠᠪᠠᠶ ᠶᠢᠨ ᠶᠡᠷᠦᠩᠬᠡᠶ ᠲᠤᠭ᠎ᠠ 5.76 | ᠲᠦᠮᠡ ᠳᠤ ᠬᠦᠷᠴᠦ᠂ ᠬᠥᠮᠦᠨ ᠪᠦᠷᠢ ᠳᠤ ᠳᠤᠮᠳᠠᠴᠢ ᠪᠠᠷ ᠨᠤᠬᠳᠠᠬᠤ ᠪᠡᠶ᠎ᠡ ᠶᠢᠨ ᠲᠠᠮᠢᠷ ᠤᠨ ᠲᠠᠯᠠᠪᠠᠶ ᠶᠢᠨ ᠲᠠᠯᠠᠪᠠᠶ | ᠨᠢ 2.1 ᠲᠡᠭᠰᠢ ᠳᠥᠷᠪᠡᠯᠵᠢᠨ ᠮᠧᠲᠷ ᠲᠤ ᠬᠦᠷᠦᠭᠰᠡᠨ ᠪᠠᠶᠢᠨ᠎ᠠ᠃ | ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠨᠢ ᠣᠯᠠᠨ ᠲᠦᠮᠡᠨ ᠳᠤ ᠪᠠᠶᠠᠷ ᠪᠠᠶᠠᠰᠤᠯ ᠠᠪᠴᠢᠷᠠᠪᠠ | ᠲᠠᠪᠤᠨ ᠵᠢᠯ ᠤᠨ ᠲᠤᠷᠰᠢ᠂ ᠥᠪᠥᠷ ᠮᠣᠩᠭᠤᠯ ᠤᠨ ᠡᠯ᠎ᠡ ᠱᠠᠲᠤᠨ ᠤ ᠰᠣᠶᠣᠯ ᠤᠷᠠᠯᠢᠭ ᠤᠨ ᠪᠦᠯᠬᠦᠮ ᠤᠳ | ᠣᠯᠠᠨ ᠨᠡᠶᠢᠲᠡ ᠶᠢᠨ ᠰᠣᠶᠣᠯ ᠤᠨ ᠪᠦᠲᠦᠭᠡᠭᠳᠡᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ | ᠣᠯᠠᠨ ᠲᠦᠮᠡᠨ ᠳᠤ ᠪᠠᠶᠠᠷ ᠪᠠᠶᠠᠰᠤᠯ ᠪᠠ ᠪᠣᠯᠪᠠᠰᠤᠨ ᠢ ᠬᠦᠷᠭᠡᠪᠡ᠃ | ᠪᠥᠬᠦ ᠣᠷᠣᠨ ᠤ ᠠᠶᠢᠮᠠᠭ ᠬᠤᠲᠠ ᠶᠢᠨ ᠱᠠᠳᠤᠨ ᠠᠴᠠ ᠳᠡᠭᠡᠭᠰᠢᠬᠢ ᠨᠣᠮ ᠤᠨ ᠰᠠᠩ᠂ ᠰᠣᠶᠣᠯ ᠤᠨ ᠣᠷᠳᠣᠨ | ᠂ ᠮᠦᠽᠧᠶ᠂ ᠤᠷᠠᠨ ᠵᠢᠷᠤᠭ ᠤᠨ ᠣᠷᠳᠣᠨ ᠵᠡᠷᠭᠡ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠨᠢ ᠬᠡᠷᠡᠭ | ᠡᠷᠬᠢᠯᠡᠭᠴᠢᠳ ᠤᠨ ᠬᠤᠷᠠᠯ ᠢᠶᠠᠷ ᠭᠤᠤᠯ ᠬᠡᠯᠪᠡᠷᠢ ᠪᠣᠯᠭᠠᠭᠰᠠᠨ ᠬᠠᠤᠯᠢ ᠶᠢᠨ ᠡᠷᠬᠡᠲᠡᠨ ᠤ ᠵᠠᠰᠠᠯᠲᠠ ᠶᠢᠨ | ᠪᠦᠲᠦᠴᠡ ᠶᠢ ᠪᠠᠶᠢᠭᠤᠯᠵᠤ᠂ ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ ᠤ ᠶᠡᠷᠦᠩᠬᠡᠶ | ᠬᠤᠪᠢᠶᠠᠷᠢ ᠨᠣᠮ ᠤᠨ ᠰᠠᠩ ᠤᠨ ᠲᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ︽ᠥᠩᠭᠡᠲᠦ ᠡᠭᠦᠯᠡᠨ | ᠦᠢᠯᠡᠴᠢᠯᠡᠭᠡ︾᠂ ︽ᠬᠤᠨ ᠭᠠᠯᠠᠭᠤ ᠪᠠᠭ᠋ᠠᠳᠠᠢ ᠤᠩᠰᠢᠯᠭ᠎ᠠ︾ ᠶᠢ ᠳᠡᠯᠭᠡᠷᠡᠭᠦᠯᠵᠦ᠂ ᠪᠥᠬᠦ ᠣᠷᠣᠨ ᠤ ᠣᠯᠠᠨ | ᠨᠡᠶᠢᠲᠡ ᠶᠢᠨ ᠨᠣᠮ ᠤᠨ ᠰᠠᠩ ᠤᠨ ᠨᠣᠮ ᠤᠨ ᠬᠠᠳᠠᠭᠠᠯᠠᠮᠵᠢ 1995.96 ᠲᠦᠮᠡᠨ ᠳᠡᠪᠲᠡᠷ ᠲᠤ ᠬᠦᠷᠴᠦ᠂ ᠡᠯ᠎ᠡ | ᠱᠠᠲᠤᠨ ᠤ ᠰᠣᠶᠣᠯ ᠤᠨ ᠣᠷᠳᠣᠨ ᠥᠷᠲᠡᠭᠡ ᠨᠢ 14.92 ᠲᠦᠮᠡᠨ ᠲᠠᠯᠠᠪᠠᠶ ᠤᠳᠠᠭ᠎ᠠ ᠰᠣᠶᠣᠯ ᠤᠨ ᠠᠵᠢᠯᠯᠠᠭ᠎ᠠ | ᠦᠷᠨᠢᠬᠦᠯᠵᠦ᠂ 12000 ᠭᠠᠷᠤᠶ ᠲᠠᠯᠠᠪᠠᠶ ᠤᠳᠠᠭ᠎ᠠ ᠦᠵᠡᠰᠬᠦᠯᠡᠩ ᠡᠷᠭᠢᠯᠡᠪᠡ︔ ᠵᠠᠰᠠᠭ ᠤᠨ ᠣᠷᠳᠣᠨ ᠠᠴᠠ | ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠬᠤᠳᠠᠯᠳᠤᠨ ᠠᠪᠬᠤ ᠰᠢᠨ᠎ᠡ ᠵᠠᠭᠪᠤᠷ ᠢ ᠬᠠᠶᠢᠨ | ᠰᠦᠪᠡᠭᠴᠢᠯᠡᠵᠦ᠂ 2700 ᠠᠷᠠᠳ ᠤᠨ ᠤᠳᠬ᠎ᠠ ᠤᠷᠠᠯᠢᠭ ᠤᠨ ᠪᠦᠯᠬᠦᠮ ᠨᠢ ᠤᠯᠠᠨ ᠲᠦᠮᠡᠨ ᠳᠤ 11500 | ᠲᠡᠯᠡᠪᠡᠢ ᠤᠳᠠᠭ᠎ᠠ ᠤᠷᠠᠨ ᠰᠠᠶᠢᠬᠠᠨ ᠤ ᠲᠣᠭᠯᠠᠯᠲᠠ ᠭᠠᠷᠭᠠᠵᠤ ᠦᠵᠡᠬᠦᠯᠪᠡ᠃ | ᠰᠣᠳᠣᠨ ᠪᠦᠲᠦᠭᠡᠯ ᠡᠭᠦᠳᠴᠦ ᠥᠪᠥᠷ ᠮᠣᠩᠭᠤᠯ ᠤᠨ ᠰᠣᠶᠣᠯ ᠤᠨ ᠨᠥᠯᠥᠭᠡᠯᠡᠬᠦ ᠬᠦᠴᠦᠨ ᠢ | ᠳᠡᠭᠡᠭᠰᠢᠯᠡᠭᠦᠯᠪᠠ | ᠥᠪᠥᠷ ᠮᠣᠩᠭᠤᠯ ᠨᠢ ︽ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ | ᠴᠡᠷᠢᠭ︾ ᠤᠨ ᠲᠤᠭ ᠢ ᠰᠠᠶᠢᠲᠤᠷ ᠮᠠᠨᠳᠤᠭᠤᠯᠵᠤ᠂ ᠪᠥᠬᠦ ᠣᠷᠣᠨ ᠤ ᠤᠯᠠᠭᠠᠨᠮᠥ᠋ᠴᠢᠷ ᠵᠢᠯ ᠪᠦᠷᠢ ᠦᠨᠳᠦᠰᠦᠨ | ᠱᠠᠲᠤᠨ ᠳᠤ 7000 ᠭᠠᠷᠤᠶ ᠲᠠᠯᠠᠪᠠᠶ ᠲᠣᠭᠯᠠᠯᠲᠠ ᠭᠠᠷᠭᠠᠵᠤ᠂ ︽ᠰᠦᠯᠵᠢᠶᠡᠨ ᠳᠡᠭᠡᠷᠡᠬᠢ ᠤᠯᠠᠭᠠᠨᠮᠥ᠋ᠴᠢᠷ︾ ᠢᠶᠠᠷ | ᠳᠡᠮᠵᠢᠭᠤᠯᠤᠨ 7000 ᠭᠠᠷᠤᠶ ᠲᠠᠯᠠᠪᠠᠶ ᠤᠳᠠᠭ᠎ᠠ ᠤᠳᠬ᠎ᠠ ᠤᠷᠠᠯᠢᠭ ᠤᠨ ᠰᠢᠭᠤᠳ ᠨᠡᠪᠲᠡᠷᠡᠭᠦᠯᠭᠡ ᠬᠢᠭᠡᠳ ᠣᠯᠠᠨ | ᠲᠦᠮᠡᠨ ᠤ ᠬᠦᠷᠢᠶᠡᠯᠡᠯ ᠢ ᠤᠯᠵᠠᠢ᠃ | ᠦᠨᠳᠦᠰᠦᠲᠡᠨ ᠤ ᠳᠠᠭᠤᠯᠠᠯᠲᠤ ᠵᠦᠴᠦᠭᠡ ︽ᠵᠢᠩᠭᠠᠷ︾᠂ ᠪᠥᠵᠢᠭᠲᠦ ᠵᠦᠴᠦᠭᠡ ︽ᠲᠠᠯ᠎ᠠ ᠨᠤᠲᠤᠭ ᠤᠨ | ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾᠂ ︽ᠮᠣᠷᠢᠲᠤ ᠴᠡᠷᠢᠭ︾ ᠵᠡᠷᠭᠡ ᠲᠠᠶᠢᠰᠠᠨ ᠤ ᠰᠣᠳᠣᠨ | ᠵᠦᠴᠦᠭᠡ ᠶᠢ ᠪᠦᠲᠦᠭᠡᠪᠡ︔ ︽ᠶᠡᠭᠡ ᠯᠢᠶᠣᠤ ᠤᠯᠤᠰ ᠬᠢᠳᠠᠨ︾᠂ ︽ᠲᠩᠷᠢᠯᠢᠭ ᠮᠣᠩᠭᠤᠯ︾ ᠵᠡᠷᠭᠡ ᠥᠪᠥᠷ | ᠮᠣᠩᠭᠤᠯ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠤᠨ ᠦᠵᠡᠰᠬᠦᠯᠡᠩ ᠭᠠᠷᠭᠠᠪᠠ︔ | 111 ᠪᠦᠯᠬᠦᠮ ᠳᠤᠭᠤᠶᠢᠯᠠᠩ ᠢ 60 ᠭᠠᠷᠤᠶ ᠤᠯᠤᠰ ᠲᠤ ᠲᠣᠮᠢᠯᠠᠨ ︽ᠪᠠᠶᠠᠷᠲᠤ ᠴᠠᠭᠠᠨ ᠰᠠᠷ᠎ᠠ︾ | ᠲᠣᠭᠯᠠᠯᠲᠠ ᠶᠢᠨ ᠠᠵᠢᠯᠯᠠᠭ᠎ᠠ ᠥᠷᠨᠢᠭᠦᠯᠵᠦ᠂ ᠳᠤᠮᠳᠠᠳᠤ ᠶᠢᠨ ᠰᠣᠶᠣᠯ ᠢ ᠳᠡᠯᠡᠬᠡᠶ ᠳ᠋ᠠᠬᠢᠨ ᠳᠤ ᠳᠡᠯᠭᠡᠨ ᠦᠵᠡᠭᠦᠯᠵᠦ | ᠤᠯᠠᠮᠵᠢᠯᠠᠪᠠ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠨᠢ ᠵᠢᠭᠤᠯᠴᠢᠯᠠᠯ ᠬᠢᠭᠡᠳ ᠰᠣᠶᠣᠯ ᠤᠨ ᠭᠦᠨᠵᠡᠭᠡᠶ | ᠠᠭᠤᠰᠤᠯᠴᠠᠯ ᠢ ᠠᠬᠢᠭᠤᠯᠵᠤ᠂ ᠵᠢᠭᠤᠯᠴᠢᠯᠠᠬᠴᠢᠳ ᠲᠤ ᠥᠪᠥᠷ ᠮᠣᠩᠭᠤᠯ ᠤᠨ ᠪᠠᠶᠢᠭᠠᠯᠢ ᠶᠢᠨ ᠰᠠᠶᠢᠬᠠᠨ᠂ | ᠰᠣᠶᠣᠯ ᠤᠨ ᠰᠠᠶᠢᠬᠠᠨ ᠢ ᠬᠦᠢᠴᠡᠳ ᠮᠡᠳᠡᠷᠡᠭᠦᠯᠪᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠬᠤᠭᠤᠴᠠᠭᠠᠨ ᠳᠤ᠂ ᠵᠢᠱᠢᠯᠲᠡ ᠪᠠᠷ ᠦᠪᠦᠷ ᠮᠤᠩᠭᠤᠯ ᠤᠨ ᠵᠢᠭᠤᠯᠴᠢᠯᠠᠭᠴᠢᠳ ᠤᠨ ᠲᠤᠭ᠎ᠠ 6.58 ᠳ᠋ᠦᠩᠰᠢᠭᠤᠷ | ᠬᠥᠮᠦᠨ ᠤᠳᠠᠭ᠎ᠠ ᠳᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ ᠪᠠᠨ | 69 % ᠪᠠᠷ ᠨᠡᠮᠡᠭᠳᠡᠬᠦ ᠪᠤᠯᠤᠨ᠎ᠠ︔ ᠵᠢᠭᠤᠯᠴᠢᠯᠠᠯ ᠤᠨ ᠶᠡᠷᠦᠩᠬᠡᠢ ᠣᠷᠣᠯᠭ᠎ᠠ 17272 ᠳ᠋ᠦᠩᠰᠢᠭᠤᠷ | ᠲᠥᠭᠦᠷᠢᠭ ᠲᠤ ᠬᠦᠷᠴᠦ᠂ 127 % ᠪᠠᠷ ᠨᠡᠮᠡᠭᠳᠡᠬᠦ ᠪᠤᠯᠤᠨ᠎ᠠ᠃ | http://mongol.people.com.cn/15834094.html | |