ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠯᠢ ᠰᠢᠶᠠ ᠴᠢᠮᠡᠭᠡᠯᠡᠭᠴᠢ ᠾᠧ | ᠰᠢᠶᠤᠤ ᠲᠦᠩ︶ 12 ᠰᠠᠷ᠎ᠠ ᠶᠢᠨ 29 ᠤ ᠡᠳᠦᠷ᠂ ᠰᠣᠶᠣᠯ ᠵᠢᠭᠤᠯᠴᠢᠯᠠᠯ ᠤᠨ ᠶᠠᠮᠤᠨ᠂ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠤᠨ ᠬᠠᠮᠲᠤᠷᠠᠨ ᠤᠯᠤᠰ ᠤᠨ | ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠲᠠ᠂ ᠤᠯᠤᠰ ᠤᠨ ᠰᠣᠶᠣᠯ ᠵᠢᠭᠤᠯᠴᠢᠯᠠᠯ ᠤᠨ | ᠬᠡᠷᠡᠭᠯᠡᠭᠡᠨ ᠤ ᠲᠤᠷᠰᠢᠯᠲᠠ ᠶᠢᠨ ᠬᠤᠲᠠ ᠶᠢᠨ ᠨᠡᠷᠡᠰ ᠢ ᠨᠡᠶᠢᠲᠡᠯᠡᠪᠡ᠃ ᠡᠭᠦᠨ ᠳᠤ᠂ ᠲᠦᠷᠦᠭᠦᠤ ᠪᠦᠯᠦᠭ ᠤᠨ | ᠤᠯᠤᠰ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠤᠷᠰᠢᠯᠲᠠ ᠶᠢᠨ ᠬᠤᠲᠠ 60 ᠪᠠᠶᠢᠵᠤ᠂ ᠮᠠᠨ ᠤ ᠬᠤᠲᠠ | ᠠᠮᠵᠢᠯᠲᠠᠲᠠᠶ ᠰᠣᠩᠭᠤᠭᠳᠠᠪᠠ᠃ | ᠲᠦᠷᠦᠭᠦᠤ ᠪᠦᠯᠦᠭ ︽ᠤᠯᠤᠰ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠤᠷᠰᠢᠯᠲᠠ ᠶᠢᠨ ᠬᠤᠲᠠ︾ | ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠳᠤ᠂ ᠮᠠᠨ ᠤ ᠬᠤᠲᠠ ᠨᠢ ᠰᠣᠶᠣᠯ ᠵᠢᠭᠤᠯᠴᠢᠯᠠᠯ ᠤᠨ ᠬᠡᠷᠡᠭᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠦᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠰᠢᠨ᠎ᠡ ᠬᠠᠨᠳᠤᠰᠢ ᠳᠤ ᠵᠣᠬᠢᠴᠠᠵᠤ | ᠂ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠠᠴᠠ ᠬᠦᠴᠦᠯᠡᠵᠦ᠂ ᠬᠡᠷᠡᠭᠯᠡᠭᠡᠨ ᠤ ᠳᠠᠯᠳᠠ ᠬᠦᠴᠦᠨ ᠢ ᠲᠠᠰᠤᠷᠠᠯᠲᠠ | ᠥᠬᠡᠶ ᠬᠥᠭᠵᠢᠭᠡᠵᠦ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠥᠬᠦᠭᠡᠷᠦᠮᠵᠢ ᠶᠢ | ᠲᠡᠭᠦᠯᠳᠡᠷᠵᠢᠭᠦᠯᠵᠦ᠂ ᠬᠡᠷᠡᠭᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠪᠦᠲᠦᠭᠡᠭᠳᠡᠬᠦᠨ ᠤ ᠬᠠᠩᠭᠠᠯᠭ᠎ᠠ ᠶᠢ | ᠪᠠᠶᠠᠯᠢᠭᠵᠢᠭᠤᠯᠵᠤ᠂ ᠠᠭᠤᠰᠤᠯᠴᠠᠵᠤ ᠬᠠᠮᠵᠢᠯᠴᠠᠨ ᠬᠥᠭᠵᠢᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ | ᠬᠡᠷᠡᠭᠯᠡᠭᠡ ᠶᠢ ᠪᠦᠲᠦᠮᠵᠢᠲᠡᠶ ᠬᠥᠲᠥᠯᠥᠨ ᠵᠢᠯᠣᠭᠤᠳᠬᠤ ᠪᠠ ᠥᠷᠭᠡᠳᠬᠡᠵᠦ᠂ ᠮᠠᠨ ᠤ ᠬᠤᠲᠠ ᠶᠢᠨ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ | ᠰᠢᠨ᠎ᠡ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠬᠤ ᠵᠡᠷᠭᠡ ᠲᠠᠯ᠎ᠠ ᠪᠠᠷ ᠢᠳᠡᠪᠬᠢᠲᠡᠶ ᠦᠢᠯᠡᠳᠦᠯ ᠦᠵᠡᠭᠦᠯᠪᠡ᠃ | 2019 ᠣᠨ ᠳᠤ᠂ ᠪᠥᠬᠦ ᠬᠤᠲᠠ ᠵᠤᠭᠠᠴᠠᠭᠰᠠᠳ ᠢ 4822.8 ᠲᠦᠮᠡᠨ ᠬᠥᠮᠦᠨ ᠤᠳᠠᠭ᠎ᠠ ᠭᠥᠯᠢᠶᠡᠨ | ᠠᠪᠴᠤ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ 1040.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ ᠲᠣᠰ ᠲᠣᠰ 10.3 % ᠪᠠ 12.6 % ᠪᠠᠷ ᠨᠡᠮᠡᠭᠳᠡᠵᠦ᠂ ᠰᠣᠶᠣᠯ ᠵᠢᠭᠤᠯᠴᠢᠯᠠᠯ ᠤᠨ | ᠦᠢᠯᠡᠴᠢᠯᠡᠭᠡᠨ ᠤ ᠴᠢᠳᠠᠪᠤᠷᠢ ᠪᠠ ᠬᠡᠷᠡᠭᠯᠡᠭᠡᠨ ᠤ ᠯᠤᠲᠤ ᠶᠡᠭᠡ ᠳᠠᠯᠳᠠ ᠬᠦᠴᠦᠨ ᠲᠠᠢ ᠪᠤᠯᠪᠠ᠃ ᠣᠳᠣᠬᠠᠨ ᠳᠤ᠂ | ᠮᠠᠨ ᠤ ᠬᠤᠲᠠ ᠤᠯᠤᠰ ᠤᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ 44᠂ ᠥᠪᠡᠷᠲᠡᠭᠡᠨ ᠵᠠᠰᠠᠬᠤ | ᠣᠷᠣᠨ ᠤ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ 1᠂ ᠥᠪᠡᠷᠲᠡᠭᠡᠨ ᠵᠠᠰᠠᠬᠤ ᠣᠷᠣᠨ ᠤ ᠲᠠᠰ ᠤᠨ | ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ 1᠂ ᠪᠥᠬᠦ ᠤᠯᠤᠰ ᠤᠨ ᠬᠥᠳᠡᠭᠡ | ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ 4᠂ ᠬᠡᠷ ᠲᠡᠷᠭᠡᠨ ᠤ ᠬᠤᠧᠠᠷᠠᠨ 2 ᠢ ᠪᠠᠶᠢᠭᠤᠯᠵᠤ᠂ | ᠬᠥᠬᠡᠬᠤᠲᠠ ᠶᠢᠨ ᠵᠣᠣ ᠵᠢᠶᠦ᠋ᠨ ᠰᠣᠶᠣᠯ ᠤᠨ ᠨᠠᠶᠢᠷ᠂ ᠬᠥᠬᠡᠬᠤᠲᠠ ᠶᠢᠨ ᠴᠥᠭᠡᠨ ᠲᠣᠭᠠᠲᠤ ᠦᠨᠳᠦᠰᠦᠲᠡᠨ ᠤ | ᠰᠣᠶᠣᠯ ᠵᠢᠭᠤᠯᠴᠢᠯᠠᠯ ᠤᠨ ᠤᠷᠠᠯᠢᠭ ᠤᠨ ᠠᠵᠢᠯᠯᠠᠭ᠎ᠠ ᠵᠡᠷᠭᠡ ᠠᠯᠢ ᠣᠯᠠᠨ ᠲᠣᠮᠣ ᠬᠡᠯᠪᠡᠷᠢ ᠶᠢᠨ ᠪᠠᠶᠠᠷ | ᠳᠤᠷᠠᠰᠬᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ︽ᠮᠢᠩᠭᠠᠨ ᠭᠠᠯᠪᠠ ᠶᠢᠨ ᠮᠣᠷᠢᠨ ᠤ ᠮᠠᠭᠲᠠᠭᠠᠯ︾ | ᠵᠡᠷᠭᠡ ᠨᠢᠭᠡ ᠪᠦᠯᠦᠭ ᠵᠢᠭᠤᠯᠴᠢᠯᠠᠯ ᠤᠨ ᠲᠣᠭᠯᠠᠯᠲᠠ ᠭᠠᠷᠭᠠᠵᠤ᠂ ᠰᠣᠶᠣᠯ ᠬᠢᠭᠡᠳ ᠵᠢᠭᠤᠯᠴᠢᠯᠠᠯ ᠤᠨ | ᠠᠭᠤᠰᠤᠯᠴᠠᠯ ᠤᠨ ᠬᠡᠮᠵᠢᠶ᠎ᠡ ᠶᠢ ᠲᠠᠰᠤᠷᠠᠯᠲᠠ ᠥᠬᠡᠶ ᠲᠡᠭᠡᠭᠰᠢᠯᠡᠬᠦᠯᠪᠡ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠨᠢ ᠬᠢᠵᠢᠭ ᠢ ᠰᠡᠷᠭᠡᠶᠢᠯᠡᠨ ᠬᠤᠷᠢᠬᠯᠠᠬᠤ ᠶᠢ | ᠪᠠᠶᠢᠩᠭᠤᠵᠢᠭᠤᠯᠬᠤ ᠪᠠ ᠰᠣᠶᠣᠯ ᠵᠢᠭᠤᠯᠴᠢᠯᠠᠯ ᠤᠨ ᠰᠡᠷᠭᠦᠯᠲᠡ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ | ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢᠨ ᠰᠠᠶᠢᠨ ᠰᠠᠶᠢᠬᠠᠨ ᠲᠥᠷᠥ ᠶᠢᠨ ᠪᠣᠳᠣᠯᠭ᠎ᠠ ᠶᠢᠨ | ᠣᠷᠴᠢᠨ ᠲᠣᠭᠤᠷᠢᠨ ᠢ ᠤᠯᠠᠮ ᠴᠢᠨᠠᠬᠰᠢᠳᠠ ᠪᠦᠷᠢᠯᠳᠦᠬᠦᠯᠵᠦ᠂ ᠬᠡᠷᠡᠭᠯᠡᠭᠡ ᠶᠢᠨ ᠪᠦᠲᠦᠮᠵᠢᠲᠡᠶ ᠬᠠᠩᠭᠠᠯᠭ᠎ᠠ ᠶᠢ | ᠥᠷᠭᠡᠳᠬᠡᠵᠦ᠂ ᠰᠣᠶᠣᠯ ᠪᠠ ᠵᠢᠭᠤᠯᠴᠢᠯᠠᠯ ᠠᠭᠤᠰᠤᠯᠴᠠᠬᠰᠠᠨ ᠬᠡᠷᠡᠭᠯᠡᠭᠡ ᠶᠢᠨ ᠰᠢᠨ᠎ᠡ ᠪᠠᠶᠢᠷᠢᠰᠢᠯ ᠢ ᠡᠭᠦᠳᠦᠨ | ᠰᠢᠯᠢᠳᠡᠭᠵᠢᠭᠦᠯᠵᠦ᠂ ᠣᠶᠤᠨᠴᠢ ᠵᠢᠭᠤᠯᠴᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠶᠡᠭᠡ ᠪᠠᠷ | ᠠᠬᠢᠭᠤᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ | ᠬᠤᠪᠢ ᠨᠡᠮᠡᠷᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ | ᠲᠥᠷᠥᠭᠳᠡᠯ᠂ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ᠃ | http://mongol.people.com.cn/15834230.html |