ᠰᠢᠨᠬᠤᠧᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 29 ᠤ ᠡᠳᠦᠷ ᠤᠨ ᠮᠡᠳᠡᠭᠡ ︵ᠰᠤᠷᠪᠤᠯᠵᠢᠯᠠᠭᠴᠢ | ᠴᠧᠨ ᠰᠢ ᠶᠦ᠋ᠧᠠᠨ︶ ᠪᠥᠬᠦ ᠤᠯᠤᠰ ᠤᠨ ᠭᠤᠷᠪᠠᠳᠤᠭᠠᠷ ᠪᠦᠯᠦᠭ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠬᠢᠬᠦ ᠾᠧᠪᠸᠢ᠂ ᠯᠢᠶᠣᠤᠨᠢᠩ᠂ ᠵᠢᠶᠠᠩᠰᠦ᠂ ᠹᠦᠵᠢᠶᠠᠨ᠂ | ᠬᠤᠪᠸᠢ᠂ ᠬᠤᠨᠠᠨ᠂ ᠭᠤᠧᠠᠩᠳᠦ᠋ᠡᠭ᠂ ᠴᠦᠩᠴᠢᠩ ᠵᠡᠷᠭᠡ ᠨᠠᠢᠮᠠᠨ ᠮᠤᠵᠢ ᠬᠤᠲᠠ 29 ᠤ ᠡᠳᠦᠷ 2021 | ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠲᠣᠬᠢᠷᠠᠭᠤᠯᠤᠯᠲᠠ ᠪᠠ | ᠡᠯᠰᠡᠬᠦ ᠠᠵᠢᠯ ᠤᠨ ᠬᠡᠷᠡᠭᠵᠢᠭᠦᠯᠬᠦ ᠲᠥᠰᠦᠯ ᠢ ᠨᠡᠶᠢᠲᠡᠯᠡᠪᠡ᠃ | ᠲᠥᠰᠦᠯ ᠢ ᠦᠨᠳᠦᠰᠦᠯᠡᠪᠡᠯ᠂ ᠨᠠᠢᠮᠠᠨ ᠮᠤᠵᠢ ᠬᠤᠲᠠ ᠶᠢᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠰᠢᠨ᠎ᠡ ᠰᠢᠯᠭᠠᠯᠲᠠ ᠳᠤ ︽3 + 1 + 2︾ ᠤᠨ ᠵᠠᠭᠪᠤᠷ ᠢ ᠬᠡᠷᠡᠭᠯᠡᠬᠦ ᠪᠠᠷ ᠪᠤᠢ᠂ ᠡᠭᠦᠨ ᠳᠤ ᠬᠡᠯᠡ | ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ ᠵᠡᠷᠭᠡ 3 ᠲᠥᠷᠥᠯ ᠳᠤ ᠪᠥᠬᠦ ᠤᠯᠤᠰ ᠤᠨ ᠰᠢᠯᠭᠠᠯᠲᠠ ᠶᠢᠨ | ᠬᠠᠭᠤᠳᠠᠰᠤ ᠶᠢ ᠬᠡᠷᠡᠭᠯᠡᠨ᠎ᠡ᠂ ᠰᠢᠯᠭᠠᠬᠤ ᠴᠠᠭ ᠨᠢ 2021 ᠣᠨ ᠤ 6 ᠰᠠᠷ᠎ᠠ ᠶᠢᠨ 7 ᠤ ᠡᠳᠦᠷ ᠠᠴᠠ 8 ᠤ ᠡᠳᠦᠷ | ᠪᠣᠯᠤᠨ᠎ᠠ︔ ᠹᠢᠽᠢᠺ᠂ ᠲᠡᠤᠬᠡ᠂ ᠬᠢᠮᠢ᠂ ᠭᠠᠵᠠᠷ ᠵᠦᠶ᠂ ᠦᠵᠡᠯ ᠰᠠᠨᠠᠭ᠎ᠠ ᠤᠯᠤᠰ ᠲᠥᠷᠥ᠂ ᠠᠮᠢᠳᠤ ᠪᠣᠳᠠᠰ ᠵᠡᠷᠭᠡ | 6 ᠲᠥᠷᠥᠯ ᠢ ᠡᠯ᠎ᠡ ᠮᠤᠵᠢ ᠬᠤᠲᠠ ᠠᠴᠠ ᠵᠣᠬᠢᠶᠠᠨ ᠪᠠᠶᠢᠭᠤᠯᠵᠤ ᠰᠡᠳᠦᠪ ᠭᠠᠷᠭᠠᠨ᠎ᠠ᠂ ᠰᠢᠯᠭᠠᠬᠤ ᠴᠠᠭ ᠨᠢ 2021 | ᠣᠨ ᠤ 6 ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠤᠨ᠎ᠠ᠃ | ᠰᠤᠷᠪᠤᠯᠵᠢᠯᠠᠭᠴᠢ ᠣᠯᠵᠤ ᠮᠡᠳᠡᠭᠰᠡᠨ ᠢᠶᠠᠷ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠨ᠎ᠡ | ᠰᠢᠯᠭᠠᠯᠲᠠ ᠨᠢ ᠰᠢᠯᠭᠠᠭᠤᠯᠤᠭᠴᠢ ᠳᠤ ᠨᠠᠩ ᠣᠯᠠᠨ ᠰᠣᠩᠭᠤᠯᠲᠠ ᠠᠪᠴᠢᠷᠠᠵᠤ ᠥᠭᠬᠦ ᠪᠣᠯᠤᠨ᠎ᠠ᠃ ᠵᠢᠩᠬᠢᠨᠢ | ᠠᠩᠭᠢ ᠶᠢᠨ ᠪᠦᠯᠦᠭ ᠤᠳᠠᠭ᠎ᠠ ᠪᠠᠷ ᠵᠢᠱᠢᠶᠡᠯᠡᠬᠦ ᠳᠤ᠂ ᠭᠤᠧᠠᠩᠳᠦ᠋ᠡᠭ ᠮᠤᠵᠢ ᠶᠢᠨ ᠡᠩ ᠤᠨ ᠲᠥᠷᠥᠯ ᠤᠨ ᠵᠢᠩᠬᠢᠨᠢ | ᠠᠩᠭᠢ ᠶᠢᠨ ᠶᠡᠭᠡ ᠳᠡᠭᠡᠳᠦ ᠰᠤᠷᠭᠠᠭᠤᠯᠢ ︵ᠣᠷᠣᠨ ᠨᠤᠲᠤᠭ ᠤᠨ ᠲᠤᠰᠬᠠᠶ ᠲᠥᠯᠥᠪᠯᠡᠭᠡ᠂ ᠴᠥᠭᠡᠨ ᠲᠣᠭᠠᠲᠤ | ᠦᠨᠳᠦᠰᠦᠲᠡᠨ ᠤ ᠠᠩᠭᠢ᠂ ᠡᠯ᠎ᠡ ᠲᠥᠷᠥᠯ ᠤᠨ ᠪᠡᠯᠡᠳᠬᠡᠯ ᠠᠩᠭᠢ ᠪᠠᠭᠲᠠᠨ᠎ᠠ︶ ᠨᠢ 45 ᠵᠡᠷᠭᠡᠴᠡᠭᠡ ᠶᠡᠭᠡ ᠲᠡᠭᠡᠳᠦ | ᠰᠤᠷᠭᠠᠭᠤᠯᠢ ᠳᠤ ᠡᠷᠡᠮᠡᠯᠵᠡᠯ ᠲᠠᠬᠯᠠᠵᠤ ᠪᠤᠯᠬᠤ ᠪᠠᠷ ᠲᠣᠬᠢᠷᠠᠭᠤᠯᠪᠠ︔ ᠵᠢᠶᠠᠩᠰᠦ ᠮᠤᠵᠢ ᠶᠢᠨ ᠵᠢᠩᠬᠢᠨᠢ ᠠᠩᠭᠢ ᠶᠢᠨ | ᠪᠦᠯᠦᠭ ᠤᠳᠠᠭ᠎ᠠ ᠳᠤ 40 ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠳᠤᠭᠤᠶᠢᠯᠠᠩ ᠳᠤ ᠡᠷᠡᠮᠡᠯᠵᠡᠯ | ᠲᠠᠬᠯᠠᠵᠤ ᠪᠤᠯᠬᠤ ᠪᠠᠷ ᠲᠣᠬᠢᠷᠠᠭᠤᠯᠵᠤ᠂ ᠳᠤᠭᠤᠶᠢᠯᠠᠩ ᠪᠦᠷᠢ ᠳᠤ 6 ᠲᠤᠰᠬᠠᠶ ᠮᠡᠷᠭᠡᠵᠢᠯ ᠤᠨ ᠡᠷᠡᠮᠡᠯᠵᠡᠯ ᠪᠠ 1 | ᠲᠤᠰᠬᠠᠶ ᠮᠡᠷᠭᠡᠵᠢᠯ ᠤᠨ ᠲᠣᠬᠢᠷᠠᠭᠤᠯᠭ᠎ᠠ ᠶᠢ ᠳᠠᠭᠠᠬᠤ ᠡᠷᠡᠮᠡᠯᠵᠡᠯ ᠲᠠᠬᠯᠠᠵᠤ ᠪᠤᠯᠬᠤ ᠪᠠᠷ ᠲᠣᠬᠢᠷᠠᠭᠤᠯᠪᠠ︔ ᠾᠧᠪᠸᠢ | ᠮᠤᠵᠢ ᠶᠢᠨ ᠡᠩ ᠤᠨ ᠲᠥᠷᠥᠯ ᠤᠨ ᠰᠢᠯᠭᠠᠭᠤᠯᠤᠭᠴᠢ ᠤᠳᠠᠭ᠎ᠠ ᠪᠦᠷᠢ ᠬᠠᠮᠤᠭ ᠣᠯᠠᠨ ᠳᠠᠭᠠᠨ 96 ᠡᠷᠡᠮᠡᠯᠵᠡᠯ | ᠲᠠᠭᠯᠠᠵᠤ ᠪᠣᠯᠤᠨ᠎ᠠ᠃ | ᠣᠶᠢᠯᠠᠭᠠᠭᠰᠠᠨ ᠢᠶᠠᠷ᠂ 2021 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ | ᠰᠢᠯᠭᠠᠯᠲᠠ ᠶᠢ ᠲᠣᠭᠲᠠᠭᠤᠨ ᠢᠶᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠡᠰᠡᠭ ᠮᠤᠵᠢ | ᠬᠤᠲᠠ 2021 ᠣᠨ ᠤ 1 ᠰᠠᠷ᠎ᠠ ᠠᠴᠠ 4 ᠰᠠᠷ᠎ᠠ ᠪᠣᠯᠲᠠᠯ᠎ᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠰᠢᠨ᠎ᠡ ᠰᠢᠯᠭᠠᠯᠲᠠ ᠶᠢᠨ ᠵᠣᠬᠢᠴᠠᠬᠤ ᠴᠢᠨᠠᠷᠲᠠᠶ ᠰᠣᠷᠢᠯᠲᠠ ᠬᠢᠬᠦ ᠪᠣᠯᠤᠨ᠎ᠠ᠂ ᠪᠣᠳᠠᠲᠠᠶ ᠰᠢᠯᠭᠠᠬᠤ ᠴᠠᠭ ᠢ 2021 | ᠣᠨ ᠤ 1 ᠰᠠᠷ᠎ᠠ ᠶᠢᠨ 23 ᠤ ᠡᠳᠦᠷ ᠠᠴᠠ 25 ᠤ ᠡᠳᠦᠷ ᠪᠣᠯᠲᠠᠯ᠎ᠠ ᠲᠣᠬᠢᠷᠠᠭᠤᠯᠤᠨ᠎ᠠ᠂ ᠰᠣᠷᠢᠯᠲᠠ ᠶᠢᠨ | ᠰᠢᠯᠭᠠᠯᠲᠠ ᠶᠢ ᠵᠣᠬᠢᠶᠠᠨ ᠪᠠᠶᠢᠭᠤᠯᠬᠤ᠂ ᠰᠢᠯᠭᠠᠯᠲᠠ ᠬᠢᠨᠠᠬᠤ ᠠᠴᠠ ᠠᠪᠤᠭᠠᠳ ᠰᠣᠷᠣᠭᠴᠢ ᠡᠯᠰᠡᠬᠦ ᠲᠥᠯᠥᠪᠯᠡᠭᠡ ᠶᠢ | ᠨᠠᠶᠢᠷᠠᠭᠤᠯᠤᠨ ᠵᠣᠬᠢᠶᠠᠬᠤ᠂ ᠡᠷᠡᠮᠡᠯᠵᠡᠯ ᠲᠠᠭᠯᠠᠬᠤ ᠵᠡᠷᠭᠡ ᠭᠤᠭᠴᠤᠭ᠎ᠠ ᠬᠦᠷᠲᠡᠯᠡᠬᠢ ᠪᠥᠬᠦ ᠶᠠᠪᠤᠴᠠ ᠶᠢ ᠳᠠᠭᠤᠷᠢᠶᠠᠨ | ᠬᠢᠵᠤ᠂ ᠰᠢᠯᠭᠠᠭᠤᠯᠤᠭᠴᠢ ᠳᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ | ᠰᠢᠨ᠎ᠡ ᠰᠢᠯᠭᠠᠯᠲᠠ ᠶᠢᠨ ᠰᠡᠳᠦᠪ ᠤᠨ ᠬᠡᠪ ᠨᠠᠮᠪᠠ ᠶᠢ ᠣᠶᠢᠯᠠᠭᠠᠭᠤᠯᠵᠤ᠂ ᠡᠯᠰᠡᠬᠦ ᠲᠦᠷᠢᠮ ᠢ ᠣᠶᠢᠯᠠᠭᠠᠭᠤᠯᠬᠤ | ᠪᠤᠯᠤᠨ᠎ᠠ᠃ | ᠯᠢᠶᠣᠤᠨᠢᠩ᠄ 2021 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ | ᠰᠢᠯᠭᠠᠯᠲᠠ ᠳᠤ ︽3 + 1 + 2︾ ᠤᠨ ᠵᠠᠭᠪᠤᠷ ᠢ ᠬᠡᠷᠡᠭᠵᠢᠭᠦᠯᠬᠦ ᠪᠠᠷ ᠪᠠᠶᠢᠨ᠎ᠠ᠃ ᠯᠢᠶᠣᠤᠨᠢᠩ ᠮᠤᠵᠢ ᠶᠢᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ | ᠺᠤᠮᠢᠰ 29 ᠤ ᠡᠳᠦᠷ ︽ᠯᠢᠶᠣᠤᠨᠢᠩ ᠮᠤᠵᠢ ᠶᠢᠨ 2021 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ | ᠰᠣᠷᠣᠭᠴᠢ ᠡᠯᠰᠡᠬᠦ ᠰᠢᠯᠭᠠᠯᠲᠠ ᠪᠠ ᠡᠯᠰᠡᠬᠦ ᠠᠵᠢᠯ ᠤᠨ ᠬᠡᠷᠡᠭᠵᠢᠭᠦᠯᠬᠦ ᠲᠥᠰᠦᠯ︾ ᠢ ᠨᠡᠶᠢᠲᠡᠯᠡᠪᠡ᠃ 2021 | ᠣᠨ ᠳᠤ᠂ ᠯᠢᠶᠣᠤᠨᠢᠩ ᠮᠤᠵᠢ ᠨᠢ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠳᠤ | ︽3 + 1 + 2︾ ᠤᠨ ᠵᠠᠭᠪᠤᠷ ᠢ ᠬᠡᠷᠡᠭᠵᠢᠭᠦᠯᠬᠦ ᠪᠠᠷ ᠪᠤᠢ᠂ ᠡᠭᠦᠨ ᠳᠤ ᠰᠣᠩᠭᠤᠯᠲᠠ ᠶᠢᠨ ᠴᠢᠨᠠᠷᠲᠠᠶ | ᠰᠢᠯᠭᠠᠯᠲᠠ ᠶᠢᠨ ᠬᠢᠴᠢᠶᠡᠯ ᠲᠥᠷᠥᠯ ᠳᠤ ᠹᠢᠽᠢᠺ᠂ ᠬᠢᠮᠢ᠂ ᠲᠡᠤᠬᠡ ᠵᠡᠷᠭᠡ 6 ᠬᠢᠴᠢᠶᠡᠯ ᠲᠥᠷᠥᠯ ᠪᠠᠭᠲᠠᠵᠤ᠂ | ᠯᠢᠶᠣᠤᠨᠢᠩ ᠮᠤᠵᠢ ᠠᠴᠠ ᠪᠡᠶ᠎ᠡ ᠪᠠᠨ ᠳᠠᠭᠠᠭᠠᠵᠤ ᠰᠡᠳᠦᠪ ᠭᠠᠷᠭᠠᠨ᠎ᠠ᠃ | ᠪᠣᠳᠠᠲᠠᠶ ᠰᠢᠯᠭᠠᠯᠲᠠ ᠶᠢᠨ ᠠᠭᠤᠯᠭ᠎ᠠ ᠪᠠ ᠴᠠᠭ ᠤᠨ ᠲᠤᠬᠢᠷᠠᠭᠤᠯᠤᠯᠳᠠ ᠪᠤᠯ᠄ ᠶᠡᠭᠡ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠢᠴᠢᠶᠡᠯ ᠲᠥᠷᠥᠯ ᠨᠢ ᠬᠡᠯᠡ ᠪᠢᠴᠢᠭ ︵ | ᠬᠢᠲᠠᠳ ᠬᠡᠯᠡ︶᠂ ᠲᠣᠭᠠᠨ ᠤ ᠤᠬᠠᠭᠠᠨ᠂ ᠭᠠᠳᠠᠭᠠᠳᠤ ᠬᠡᠯᠡ ︵ᠪᠢᠷ ᠤᠨ ᠰᠢᠯᠭᠠᠯᠲᠠ ᠪᠠ ᠰᠣᠨᠣᠰᠬᠤ ᠴᠢᠳᠠᠪᠤᠷᠢ | ᠪᠠᠭᠲᠠᠨ᠎ᠠ︶ ᠵᠡᠷᠭᠡ 3 ᠬᠢᠴᠢᠶᠡᠯ ᠲᠥᠷᠥᠯ ᠪᠠᠶᠢᠵᠤ᠂ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ | ᠬᠠᠭᠤᠳᠠᠰᠤ ᠶᠢ ᠬᠡᠷᠡᠭᠯᠡᠨ᠎ᠡ᠂ ᠰᠢᠯᠭᠠᠬᠤ ᠴᠠᠭ ᠨᠢ 6 ᠰᠠᠷ᠎ᠠ ᠶᠢᠨ 7 ᠤ ᠡᠳᠦᠷ᠂ 8 ᠤ ᠡᠳᠦᠷ ᠪᠣᠯᠤᠨ᠎ᠠ︔ | ᠰᠣᠩᠭᠤᠯᠲᠠ ᠶᠢᠨ ᠴᠢᠨᠠᠷᠲᠠᠶ ᠰᠢᠯᠭᠠᠯᠲᠠ ᠶᠢᠨ ᠬᠢᠴᠢᠶᠡᠯ ᠲᠥᠷᠥᠯ 6 ᠪᠠᠶᠢᠵᠤ᠂ ᠰᠢᠯᠭᠠᠭᠤᠯᠤᠭᠴᠢ ᠤᠷᠢᠳᠠᠪᠠᠷ | ᠲᠡᠤᠬᠡ᠂ ᠹᠢᠽᠢᠺ ᠤᠨ 2 ᠬᠢᠴᠢᠶᠡᠯ ᠲᠥᠷᠥᠯ ᠠᠴᠠ 1 ᠲᠥᠷᠥᠯ ᠢ ᠰᠣᠩᠭᠤᠵᠤ ᠲᠡᠷᠢᠭᠦᠨ ᠰᠣᠩᠭᠤᠯᠲᠠ ᠶᠢᠨ | ᠬᠢᠴᠢᠶᠡᠯ ᠲᠥᠷᠥᠯ ᠪᠣᠯᠭᠠᠨ᠎ᠠ᠂ ᠳᠠᠷᠠᠭ᠎ᠠ ᠨᠢ ᠬᠢᠮᠢ᠂ ᠠᠮᠢᠳᠤ ᠪᠣᠳᠠᠰ ᠂ ᠦᠵᠡᠯ ᠰᠠᠨᠠᠭ᠎ᠠ ᠤᠯᠤᠰ ᠲᠥᠷᠥ᠂ ᠭᠠᠵᠠᠷ | ᠵᠦᠶ 4 ᠬᠢᠴᠢᠶᠡᠯ ᠲᠥᠷᠥᠯ ᠠᠴᠠ 2 ᠲᠥᠷᠥᠯ ᠢ ᠰᠣᠩᠭᠤᠵᠤ ᠳᠠᠬᠢᠨ ᠰᠣᠩᠭᠤᠯᠲᠠ ᠶᠢᠨ ᠬᠢᠴᠢᠶᠡᠯ ᠲᠥᠷᠥᠯ | ᠪᠣᠯᠭᠠᠨ᠎ᠠ᠂ ᠰᠣᠩᠭᠤᠯᠲᠠ ᠶᠢᠨ ᠴᠢᠨᠠᠷᠲᠠᠶ ᠰᠢᠯᠭᠠᠯᠲᠠ ᠶᠢᠨ ᠴᠠᠭ ᠨᠢ 6 ᠰᠠᠷ᠎ᠠ ᠶᠢᠨ 8 ᠤ ᠡᠳᠦᠷ᠂ 9 ᠤ ᠡᠳᠦᠷ | ᠪᠣᠯᠤᠨ᠎ᠠ᠃ ︵ᠰᠤᠷᠪᠤᠯᠵᠢᠯᠠᠭᠴᠢ ᠸᠠᠩ ᠢᠩ︶ | http://mongol.people.com.cn/15834229.html |