ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 6 ᠰᠠᠯᠠᠭ᠎ᠠ ᠮᠥᠴᠢᠷ ︽ᠨᠡᠶᠢᠭᠡᠮ ᠲᠣᠭᠤᠷᠢᠭ ᠤᠨ ᠲᠡᠭᠦᠰ ᠴᠢᠳᠠᠪᠤᠷᠢᠲᠤ ᠲᠠᠮᠠᠭ᠎ᠠ︾ ᠶᠢ ᠵᠠᠰᠠᠬᠤ ᠲᠤᠰᠬᠠᠶ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠪᠡ
ᠨᠡᠶᠢᠲᠡᠯᠡᠭᠰᠡᠨ ᠴᠠᠭ᠄
2021/1/4
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠶᠦᠨ ᠵᠢᠩ︶ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠡᠲᠦ ᠶᠢᠨ ᠵᠦᠪᠯᠡᠯ ︽ᠠᠷᠠᠳ ᠤᠨ ᠶᠠᠪᠤᠳᠠᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠵᠢᠷᠭᠤᠭᠠᠨ ᠶᠠᠮᠤᠨ ᠵᠥᠪᠯᠡᠯ ᠤᠨ ︿ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠭᠡᠷᠡᠴᠢ ᠭᠠᠷᠭᠠᠵᠤ ᠥᠭᠬᠦ ᠠᠵᠢᠯ ᠢ ᠰᠠᠶᠢᠵᠢᠷᠠᠭᠤᠯᠤᠨ ᠵᠢᠷᠤᠮᠵᠢᠭᠤᠯᠬᠤ ᠲᠤᠬᠠᠶ ᠵᠢᠯᠣᠭᠤᠳᠬᠤ ᠰᠠᠨᠠᠯ﹀ ᠢ ᠨᠠᠷᠢᠨ ᠬᠢᠨᠠᠮᠠᠭᠠᠶ ᠲᠦ᠋ᠦᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠬᠠᠮᠳᠤᠷᠠᠨ ᠲᠠᠷᠤᠮᠠᠯᠯᠠᠨ ᠲᠠᠷᠬᠠᠭᠠᠵᠤ᠂ ᠪᠥᠬᠦ ᠣᠷᠣᠨ ᠳᠤ ︽ᠨᠡᠶᠢᠭᠡᠮ ᠲᠣᠭᠤᠷᠢᠭ ᠤᠨ ᠲᠡᠭᠦᠰ ᠴᠢᠳᠠᠪᠤᠷᠢᠲᠤ ᠲᠠᠮᠠᠭ᠎ᠠ︾ ᠶᠢ ᠵᠠᠰᠠᠬᠤ ᠲᠤᠰᠬᠠᠶ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ 3 ᠵᠢᠯ ᠤᠨ ᠬᠤᠭᠤᠴᠠᠭ᠎ᠠ ᠶᠢ ᠬᠡᠷᠡᠭᠯᠡᠵᠦ ᠪᠠᠶᠢᠭᠠᠳ ᠪᠦᠬᠦ ᠣᠷᠣᠨ ᠳᠤ ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠭᠡᠷᠡᠴᠢ ᠭᠠᠷᠭᠠᠵᠤ ᠥᠭᠬᠦ ᠠᠵᠢᠯ ᠤᠨ ᠵᠢᠷᠤᠮᠵᠢᠭᠰᠠᠨ ᠳᠦᠷᠢᠮ ᠢ ᠪᠠᠶᠢᠭᠤᠯᠤᠨ᠎ᠠ ᠭᠡᠪᠡ᠃      ︽ᠮᠡᠳᠡᠭᠳᠡᠯ︾ ᠳᠤ᠂ ︽ᠨᠡᠶᠢᠭᠡᠮ ᠲᠣᠭᠤᠷᠢᠭ ᠤᠨ ᠲᠡᠭᠦᠰ ᠴᠢᠳᠠᠪᠤᠷᠢᠲᠤ ᠲᠠᠮᠠᠭ᠎ᠠ︾ ᠶᠢᠨ ᠵᠠᠰᠠᠯᠲᠠ ᠶᠢᠨ ᠲᠤᠰᠬᠠᠶ ᠠᠵᠢᠯᠯᠠᠭ᠎ᠠ ᠶᠢ ︽ᠬᠡᠨ ᠭᠤᠤᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠤᠯᠤᠰ ᠤᠨ ᠵᠢᠯᠣᠭᠤᠳᠬᠤ ᠰᠠᠨᠠᠯ ᠳᠠᠬᠢ ︽ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠠᠴᠠ ᠭᠡᠷᠡᠴᠢ ᠭᠠᠷᠭᠠᠵᠤ ᠪᠣᠯᠬᠤ ᠥᠬᠡᠶ ᠵᠦᠢᠯᠡᠰ ᠤᠨ ᠨᠠᠷᠢᠨ ᠲᠠᠩᠰᠠ ︵ᠨᠢᠭᠡᠳᠦᠭᠡᠷ ᠪᠦᠯᠦᠭ︶︾ ᠪᠣᠯᠤᠨ ︽ᠨᠡᠶᠢᠭᠡᠮ ᠲᠣᠭᠤᠷᠢᠭ ᠤᠨ ᠠᠵᠢᠯ ᠢ ᠰᠢᠯᠢᠳᠡᠭᠵᠢᠭᠦᠯᠦᠨ ᠴᠣᠮᠬᠠᠳᠬᠠᠬᠤ ᠪᠠ ᠵᠢᠷᠤᠮᠵᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠳᠤ ᠲᠣᠳᠣᠷᠬᠠᠶᠢᠯᠠᠭᠰᠠᠨ 6 ᠵᠦᠢᠯ ᠤᠨ ᠨᠠᠷᠢᠨ ᠲᠠᠩᠰᠠ ᠶᠢ ᠦᠨᠳᠦᠰᠦᠯᠡᠵᠦ᠂ ᠲᠣᠰ ᠲᠣᠰ ᠤᠨ ᠢᠶᠠᠨ ᠠᠷᠠᠳ ᠲᠦᠮᠡᠨ ᠳᠤ ᠦᠢᠯᠡᠴᠢᠯᠡᠬᠦ ᠵᠦᠢᠯᠡᠰ ᠪᠣᠯᠤᠨ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ ᠪᠥᠬᠦ ᠲᠠᠯ᠎ᠠ ᠪᠠᠷ ᠡᠮᠬᠢᠯᠡᠬᠦ ᠬᠡᠷᠡᠭᠲᠡᠶ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠨᠢ ᠬᠠᠤᠯᠢ ᠳᠤ ᠥᠯᠥ ᠨᠡᠶᠢᠴᠡᠬᠦ᠂ ᠲᠣᠭᠲᠠᠭᠠᠯ ᠳᠤ ᠥᠯᠥ ᠨᠡᠶᠢᠴᠡᠬᠦ᠂ ᠵᠦᠢ ᠵᠣᠬᠢᠰ ᠥᠬᠡᠶ ᠭᠡᠷᠡᠴᠢᠯᠡᠬᠦ ᠵᠦᠢᠯᠡᠰ ᠢ ᠪᠦᠬᠦᠨ ᠢ ᠬᠦᠴᠦᠨ ᠥᠬᠡᠶ ᠪᠣᠯᠭᠠᠵᠤ᠂ ᠣᠯᠠᠨ ᠲᠦᠮᠡᠨ ᠤ ᠠᠵᠢᠯ ᠬᠡᠷᠡᠭ ᠭᠦᠢᠴᠡᠳᠬᠡᠬᠦ ᠳᠠᠷᠤᠭᠠᠰᠤ ᠶᠢ ᠬᠦᠨᠳᠦᠷᠡᠭᠦᠯᠵᠦ ᠪᠣᠯᠬᠤ ᠥᠬᠡᠶ᠃ ᠡᠭᠦᠨ ᠤ ᠬᠠᠮᠲᠤ ᠭᠡᠷᠡᠴᠢ ᠭᠠᠷᠭᠠᠵᠤ ᠥᠭᠬᠦ ᠵᠢᠷᠤᠮ ᠳᠠᠷᠠᠭᠠᠯᠠᠯ ᠢ ᠳᠥᠭᠦᠮᠴᠢᠯᠡᠵᠦ᠂ ᠭᠦᠢᠴᠡᠳᠬᠡᠬᠦ ᠴᠠᠭ ᠤᠨ ᠬᠢᠵᠠᠭᠠᠷ ᠢ ᠪᠣᠭᠤᠨᠢᠰᠬᠠᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠶᠢᠮᠠᠭ ᠬᠤᠲᠠ ᠪᠠᠷ ᠨᠢᠭᠡᠴᠢ ᠪᠣᠯᠭᠠᠨ ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠭᠡᠷᠡᠴᠢ ᠭᠠᠷᠭᠠᠵᠤ ᠥᠭᠬᠦ ᠵᠦᠢᠯᠡᠰ ᠤᠨ ᠨᠠᠷᠢᠨ ᠲᠠᠩᠰᠠ᠂ ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠬᠠᠮᠵᠢᠯᠴᠠᠨ ᠥᠷᠨᠢᠭᠦᠯᠬᠦ ᠠᠵᠢᠯ ᠤᠨ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠬᠤ ᠶᠢᠨ ᠬᠠᠮᠲᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠦᠨᠳᠦᠰᠦ ᠪᠠᠷᠢᠮᠲᠠ ᠶᠢ ᠬᠠᠩᠭᠠᠨ᠎ᠠ ᠭᠡᠵᠦ ᠲᠤᠳᠤᠷᠬᠠᠢ ᠲᠤᠬᠳᠠᠭᠠᠪᠠ᠃      ︽ᠮᠡᠳᠡᠭᠳᠡᠯ︾ ᠳᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ︽ᠨᠡᠶᠢᠭᠡᠮ ᠲᠣᠭᠤᠷᠢᠭ ᠤᠨ ᠲᠡᠭᠦᠰ ᠴᠢᠳᠠᠪᠤᠷᠢᠲᠤ ᠲᠠᠮᠠᠭ᠎ᠠ︾ ᠶᠢ ᠵᠠᠰᠠᠬᠤ ᠲᠤᠰᠬᠠᠶ ᠠᠵᠢᠯᠯᠠᠭ᠎ᠠ ᠶᠢ ᠪᠥᠬᠦ ᠲᠠᠯ᠎ᠠ ᠪᠠᠷ ᠪᠠᠶᠢᠷᠢᠯᠠᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠦᠨᠡᠨ ᠬᠦ ᠬᠡᠷᠡᠭᠵᠢᠭᠦᠯᠦᠭᠦᠰᠢᠲᠡᠶ ᠠᠵᠢᠯ ᠤᠨ ᠲᠥᠰᠦᠯ ᠢ ᠲᠣᠭᠲᠠᠭᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠡᠮᠬᠢ ᠵᠢᠷᠤᠮ ᠲᠠᠢ ᠠᠬᠢᠭᠤᠯᠤᠨ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠤᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠪᠠ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠬᠢᠨᠠᠯᠲᠠ ᠲᠠᠯᠪᠢᠬᠤ ᠲᠠᠪᠴᠠᠩ ᠪᠠᠶᠢᠭᠤᠯᠵᠤ᠂ ᠬᠢᠨᠠᠯᠲᠠ ᠲᠠᠯᠪᠢᠬᠤ ᠤᠳᠠᠰᠤ ᠨᠡᠪᠲᠡᠷᠡᠭᠦᠯᠵᠦ᠂ ᠵᠠᠷᠯᠠᠨ ᠮᠡᠳᠡᠭᠳᠡᠭᠦ᠂ ᠵᠠᠭᠤᠴᠢᠯᠠᠭᠤᠷ ᠢᠶᠠᠷ ᠢᠯᠡ ᠪᠠᠷ ᠢᠯᠡᠴᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠭᠡᠷᠡᠴᠢ ᠭᠠᠷᠭᠠᠵᠤ ᠥᠭᠬᠦ ᠠᠵᠢᠯ ᠢ ᠰᠠᠶᠢᠵᠢᠷᠠᠭᠤᠯᠤᠨ ᠵᠢᠷᠤᠮᠵᠢᠭᠤᠯᠬᠤ ᠳᠤ ᠬᠢᠨᠠᠯᠲᠠ ᠲᠠᠯᠪᠢᠬᠤ ᠬᠡᠷᠡᠭᠲᠡᠶ ᠭᠡᠵᠦ ᠱᠠᠭᠠᠷᠳᠠᠪᠠ᠃http://mongol.people.com.cn/15834092.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ