ᠥᠪᠥᠷ ᠮᠣᠩᠭᠤᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠣᠯᠠᠨ ᠨᠡᠶᠢᠲᠡ ᠶᠢᠨ ᠰᠣᠶᠣᠯ ᠤᠨ ᠬᠥᠭᠵᠢᠯᠲᠡ ᠶᠢᠨ ᠬᠢᠷᠢ ᠪᠦᠲᠦᠮᠵᠢ ᠶᠢᠨ ᠬᠠᠭᠤᠳᠠᠰᠤ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2021/1/4
     ᠰᠢᠨᠬᠤᠧᠠ ᠰᠦᠯᠵᠢᠶᠡᠨ ᠤ ᠬᠥᠬᠡᠬᠤᠲᠠ ᠶᠢᠨ 12 ᠰᠠᠷ᠎ᠠ ᠶᠢᠨ 29 ᠤ ᠡᠳᠦᠷ ᠤᠨ ᠮᠡᠳᠡᠭᠡ ︵ᠰᠢᠤᠢ ᠬᠤᠩ ᠮᠧᠶ︶ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠥᠪᠥᠷ ᠮᠣᠩᠭᠤᠯ ᠤᠨ ᠣᠯᠠᠨ ᠨᠡᠶᠢᠲᠡ ᠶᠢᠨ ᠰᠣᠶᠣᠯ ᠤᠨ ᠬᠥᠭᠵᠢᠯᠲᠡ ᠶᠢᠨ ᠬᠢᠷᠢ ᠪᠦᠲᠦᠮᠵᠢ ᠶᠢᠨ ᠬᠠᠭᠤᠳᠠᠰᠤ ᠶᠢ ᠨᠡᠶᠢᠲᠡᠯᠡᠪᠡ᠃     ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢ ᠣᠯᠠᠨ ᠲᠦᠮᠡᠨ ᠬᠡᠷᠡᠭᠯᠡᠬᠦ ᠳᠤᠷᠠᠲᠠᠶ ᠪᠤᠯᠪᠠ      ᠲᠠᠪᠤᠨ ᠵᠢᠯ ᠤᠨ ᠲᠤᠷᠰᠢ᠂ ᠥᠪᠥᠷ ᠮᠣᠩᠭᠤᠯ ᠨᠢᠭᠡ ᠪᠦᠯᠦᠭ ᠬᠤᠲᠠ ᠬᠥᠳᠡᠭᠡ ᠪᠠᠷ ᠲᠦᠭᠡᠭᠰᠡᠨ ᠣᠯᠠᠨ ᠨᠡᠶᠢᠲᠡ ᠶᠢᠨ ᠰᠣᠶᠣᠯ ᠤᠨ ᠰᠠᠭᠤᠷᠢ ᠲᠥᠬᠦᠭᠡᠷᠦᠮᠵᠢ ᠶᠢ ᠪᠥᠲᠥᠭᠡᠨ ᠪᠠᠶᠢᠭᠤᠯᠵᠤ᠂ ᠰᠦᠢᠳᠭᠡᠯ ᠦᠯᠦ ᠬᠤᠷᠢᠶᠠᠬᠤ ᠪᠤᠶᠤ ᠰᠦᠢᠳᠭᠡᠯ ᠪᠠᠭ᠎ᠠ ᠬᠤᠷᠢᠶᠠᠨ ᠴᠢᠯᠥᠭᠡᠲᠡᠶ ᠨᠡᠭᠡᠭᠡᠵᠦ᠂ ᠣᠯᠠᠨ ᠲᠦᠮᠡᠨ ᠢ ᠬᠡᠷᠡᠭᠯᠡᠬᠦ ᠳᠤ ᠲᠥᠬᠦᠮ᠂ ᠬᠡᠷᠡᠭᠯᠡᠬᠦ ᠳᠤ ᠳᠤᠷᠠᠲᠠᠶ ᠪᠣᠯᠭᠠᠪᠠ᠃      ᠪᠦᠬᠦ ᠣᠷᠣᠨ ᠣᠯᠠᠨ ᠨᠡᠶᠢᠲᠡ ᠶᠢᠨ ᠨᠣᠮ ᠤᠨ ᠰᠠᠩ ᠢ 117᠂ ᠰᠣᠶᠣᠯ ᠤᠨ ᠣᠷᠳᠣᠨ ᠢ 120᠂ ᠮᠦᠽᠧᠶ ᠶᠢ 178᠂ ᠤᠷᠠᠨ ᠵᠢᠷᠤᠭ ᠤᠨ ᠣᠷᠳᠣᠨ ᠢ 25᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ ᠥᠷᠲᠡᠭᠡ ᠶᠢ 1086᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ ᠠᠵᠢᠯᠯᠠᠭᠠᠨ ᠤ ᠲᠥᠪ ᠢ 12522 ᠪᠠᠶᠢᠭᠤᠯᠵᠤ᠂ ᠪᠦᠬᠦ ᠣᠷᠣᠨ ᠢ ᠬᠠᠮᠤᠷᠤᠭᠰᠠᠨ ᠲᠠᠪᠤᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠲᠦᠭᠦᠭᠡᠷᠦᠮᠵᠢ ᠶᠢᠨ ᠲᠣᠣᠷ ᠰᠦᠯᠵᠢᠶ᠎ᠡ ᠶᠢ ᠦᠨᠳᠦᠰᠦᠨ ᠳᠡᠭᠡᠨ ᠪᠦᠷᠢᠯᠳᠦᠬᠦᠯᠵᠡᠢ᠃ ᠥᠪᠥᠷ ᠮᠣᠩᠭᠤᠯ ᠤᠨ ᠬᠤᠪᠢᠰᠬᠠᠯ ᠤᠨ ᠲᠡᠤᠬᠡ ᠶᠢᠨ ᠮᠦᠽᠧᠶ ᠵᠡᠷᠭᠡ ᠨᠢᠭᠡ ᠪᠦᠯᠦᠭ ᠣᠯᠠᠨ ᠨᠡᠶᠢᠲᠡ ᠶᠢᠨ ᠰᠣᠶᠣᠯ ᠤᠨ ᠰᠠᠭᠤᠷᠢ ᠲᠦᠭᠦᠭᠡᠷᠦᠮᠵᠢ ᠶᠢᠨ ᠴᠢᠬᠤᠯᠠ ᠲᠥᠷᠥᠯ ᠵᠦᠢᠯ ᠢ ᠤᠷᠤᠭᠰᠢᠲᠠᠶ ᠠᠬᠢᠭᠤᠯᠪᠠ᠃ ᠪᠦᠬᠦ ᠣᠷᠣᠨ ᠤ ᠪᠡᠶ᠎ᠡ ᠶᠢᠨ ᠲᠠᠮᠢᠷ ᠤᠨ ᠲᠠᠯᠠᠪᠠᠶ ᠶᠢᠨ ᠶᠡᠷᠦᠩᠬᠡᠶ ᠲᠤᠭ᠎ᠠ 5.76 ᠲᠦᠮᠡ ᠳᠤ ᠬᠦᠷᠴᠦ᠂ ᠬᠥᠮᠦᠨ ᠪᠦᠷᠢ ᠳᠤ ᠳᠤᠮᠳᠠᠴᠢ ᠪᠠᠷ ᠨᠤᠬᠳᠠᠬᠤ ᠪᠡᠶ᠎ᠡ ᠶᠢᠨ ᠲᠠᠮᠢᠷ ᠤᠨ ᠲᠠᠯᠠᠪᠠᠶ ᠶᠢᠨ ᠲᠠᠯᠠᠪᠠᠶ ᠨᠢ 2.1 ᠲᠡᠭᠰᠢ ᠳᠥᠷᠪᠡᠯᠵᠢᠨ ᠮᠧᠲᠷ ᠲᠤ ᠬᠦᠷᠦᠭᠰᠡᠨ ᠪᠠᠶᠢᠨ᠎ᠠ᠃     ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠨᠢ ᠣᠯᠠᠨ ᠲᠦᠮᠡᠨ ᠳᠤ ᠪᠠᠶᠠᠷ ᠪᠠᠶᠠᠰᠤᠯ ᠠᠪᠴᠢᠷᠠᠪᠠ      ᠲᠠᠪᠤᠨ ᠵᠢᠯ ᠤᠨ ᠲᠤᠷᠰᠢ᠂ ᠥᠪᠥᠷ ᠮᠣᠩᠭᠤᠯ ᠤᠨ ᠡᠯ᠎ᠡ ᠱᠠᠲᠤᠨ ᠤ ᠰᠣᠶᠣᠯ ᠤᠷᠠᠯᠢᠭ ᠤᠨ ᠪᠦᠯᠬᠦᠮ ᠤᠳ ᠣᠯᠠᠨ ᠨᠡᠶᠢᠲᠡ ᠶᠢᠨ ᠰᠣᠶᠣᠯ ᠤᠨ ᠪᠦᠲᠦᠭᠡᠭᠳᠡᠬᠦᠨ ᠪᠠ  ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠣᠯᠠᠨ ᠲᠦᠮᠡᠨ ᠳᠤ ᠪᠠᠶᠠᠷ ᠪᠠᠶᠠᠰᠤᠯ ᠪᠠ ᠪᠣᠯᠪᠠᠰᠤᠨ ᠢ ᠬᠦᠷᠭᠡᠪᠡ᠃      ᠪᠥᠬᠦ ᠣᠷᠣᠨ ᠤ ᠠᠶᠢᠮᠠᠭ ᠬᠤᠲᠠ ᠶᠢᠨ ᠱᠠᠳᠤᠨ ᠠᠴᠠ ᠳᠡᠭᠡᠭᠰᠢᠬᠢ ᠨᠣᠮ ᠤᠨ ᠰᠠᠩ᠂ ᠰᠣᠶᠣᠯ ᠤᠨ ᠣᠷᠳᠣᠨ᠂ ᠮᠦᠽᠧᠶ᠂ ᠤᠷᠠᠨ ᠵᠢᠷᠤᠭ ᠤᠨ ᠣᠷᠳᠣᠨ ᠵᠡᠷᠭᠡ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ ᠨᠢ ᠬᠡᠷᠡᠭ ᠡᠷᠬᠢᠯᠡᠭᠴᠢᠳ ᠤᠨ ᠬᠤᠷᠠᠯ ᠢᠶᠠᠷ ᠭᠤᠤᠯ ᠬᠡᠯᠪᠡᠷᠢ ᠪᠣᠯᠭᠠᠭᠰᠠᠨ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠶᠢ ᠪᠠᠶᠢᠭᠤᠯᠵᠤ᠂ ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ ᠤ ᠶᠡᠷᠦᠩᠬᠡᠶ ᠬᠤᠪᠢᠶᠠᠷᠢ ᠨᠣᠮ ᠤᠨ ᠰᠠᠩ ᠤᠨ ᠲᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ︽ᠥᠩᠭᠡᠲᠦ ᠡᠭᠦᠯᠡᠨ  ᠦᠢᠯᠡᠴᠢᠯᠡᠭᠡ︾᠂ ︽ᠬᠤᠨ ᠭᠠᠯᠠᠭᠤ ᠪᠠᠭ᠋ᠠᠳᠠᠢ ᠤᠩᠰᠢᠯᠭ᠎ᠠ︾ ᠶᠢ ᠳᠡᠯᠭᠡᠷᠡᠭᠦᠯᠵᠦ᠂ ᠪᠥᠬᠦ ᠣᠷᠣᠨ ᠤ ᠣᠯᠠᠨ ᠨᠡᠶᠢᠲᠡ ᠶᠢᠨ ᠨᠣᠮ ᠤᠨ ᠰᠠᠩ ᠤᠨ ᠨᠣᠮ ᠤᠨ ᠬᠠᠳᠠᠭᠠᠯᠠᠮᠵᠢ 1995.96 ᠲᠦᠮᠡᠨ ᠳᠡᠪᠲᠡᠷ ᠲᠤ ᠬᠦᠷᠴᠦ᠂ ᠡᠯ᠎ᠡ ᠱᠠᠲᠤᠨ ᠤ ᠰᠣᠶᠣᠯ ᠤᠨ ᠣᠷᠳᠣᠨ ᠥᠷᠲᠡᠭᠡ ᠨᠢ 14.92 ᠲᠦᠮᠡᠨ ᠲᠠᠯᠠᠪᠠᠶ ᠤᠳᠠᠭ᠎ᠠ ᠰᠣᠶᠣᠯ ᠤᠨ ᠠᠵᠢᠯᠯᠠᠭ᠎ᠠ ᠦᠷᠨᠢᠬᠦᠯᠵᠦ᠂ 12000 ᠭᠠᠷᠤᠶ ᠲᠠᠯᠠᠪᠠᠶ ᠤᠳᠠᠭ᠎ᠠ ᠦᠵᠡᠰᠬᠦᠯᠡᠩ ᠡᠷᠭᠢᠯᠡᠪᠡ︔ ᠵᠠᠰᠠᠭ ᠤᠨ ᠣᠷᠳᠣᠨ ᠠᠴᠠ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠬᠤᠳᠠᠯᠳᠤᠨ ᠠᠪᠬᠤ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ 2700 ᠠᠷᠠᠳ ᠤᠨ ᠤᠳᠬ᠎ᠠ ᠤᠷᠠᠯᠢᠭ ᠤᠨ ᠪᠦᠯᠬᠦᠮ ᠨᠢ ᠤᠯᠠᠨ ᠲᠦᠮᠡᠨ ᠳᠤ 11500 ᠲᠡᠯᠡᠪᠡᠢ ᠤᠳᠠᠭ᠎ᠠ ᠤᠷᠠᠨ ᠰᠠᠶᠢᠬᠠᠨ ᠤ ᠲᠣᠭᠯᠠᠯᠲᠠ ᠭᠠᠷᠭᠠᠵᠤ ᠦᠵᠡᠬᠦᠯᠪᠡ᠃     ᠰᠣᠳᠣᠨ ᠪᠦᠲᠦᠭᠡᠯ ᠡᠭᠦᠳᠴᠦ ᠥᠪᠥᠷ ᠮᠣᠩᠭᠤᠯ ᠤᠨ ᠰᠣᠶᠣᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠪᠠ      ᠥᠪᠥᠷ ᠮᠣᠩᠭᠤᠯ ᠨᠢ ︽ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠲᠤᠭ ᠢ ᠰᠠᠶᠢᠲᠤᠷ ᠮᠠᠨᠳᠤᠭᠤᠯᠵᠤ᠂ ᠪᠥᠬᠦ ᠣᠷᠣᠨ ᠤ ᠤᠯᠠᠭᠠᠨᠮᠥ᠋ᠴᠢᠷ ᠵᠢᠯ ᠪᠦᠷᠢ ᠦᠨᠳᠦᠰᠦᠨ ᠱᠠᠲᠤᠨ ᠳᠤ 7000 ᠭᠠᠷᠤᠶ ᠲᠠᠯᠠᠪᠠᠶ ᠲᠣᠭᠯᠠᠯᠲᠠ ᠭᠠᠷᠭᠠᠵᠤ᠂ ︽ᠰᠦᠯᠵᠢᠶᠡᠨ ᠳᠡᠭᠡᠷᠡᠬᠢ ᠤᠯᠠᠭᠠᠨᠮᠥ᠋ᠴᠢᠷ︾ ᠢᠶᠠᠷ ᠳᠡᠮᠵᠢᠭᠤᠯᠤᠨ 7000 ᠭᠠᠷᠤᠶ ᠲᠠᠯᠠᠪᠠᠶ ᠤᠳᠠᠭ᠎ᠠ ᠤᠳᠬ᠎ᠠ ᠤᠷᠠᠯᠢᠭ ᠤᠨ ᠰᠢᠭᠤᠳ ᠨᠡᠪᠲᠡᠷᠡᠭᠦᠯᠭᠡ ᠬᠢᠭᠡᠳ ᠣᠯᠠᠨ ᠲᠦᠮᠡᠨ ᠤ ᠬᠦᠷᠢᠶᠡᠯᠡᠯ ᠢ ᠤᠯᠵᠠᠢ᠃      ᠦᠨᠳᠦᠰᠦᠲᠡᠨ ᠤ ᠳᠠᠭᠤᠯᠠᠯᠲᠤ ᠵᠦᠴᠦᠭᠡ ︽ᠵᠢᠩᠭᠠᠷ︾᠂ ᠪᠥᠵᠢᠭᠲᠦ ᠵᠦᠴᠦᠭᠡ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ︾᠂ ︽ᠮᠣᠷᠢᠲᠤ ᠴᠡᠷᠢᠭ︾ ᠵᠡᠷᠭᠡ ᠲᠠᠶᠢᠰᠠᠨ ᠤ ᠰᠣᠳᠣᠨ ᠵᠦᠴᠦᠭᠡ ᠶᠢ ᠪᠦᠲᠦᠭᠡᠪᠡ︔ ︽ᠶᠡᠭᠡ ᠯᠢᠶᠣᠤ ᠤᠯᠤᠰ ᠬᠢᠳᠠᠨ︾᠂ ︽ᠲᠩᠷᠢᠯᠢᠭ ᠮᠣᠩᠭᠤᠯ︾ ᠵᠡᠷᠭᠡ ᠥᠪᠥᠷ ᠮᠣᠩᠭᠤᠯ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠤᠨ ᠦᠵᠡᠰᠬᠦᠯᠡᠩ ᠭᠠᠷᠭᠠᠪᠠ︔ 111 ᠪᠦᠯᠬᠦᠮ ᠳᠤᠭᠤᠶᠢᠯᠠᠩ ᠢ 60 ᠭᠠᠷᠤᠶ ᠤᠯᠤᠰ ᠲᠤ ᠲᠣᠮᠢᠯᠠᠨ ︽ᠪᠠᠶᠠᠷᠲᠤ ᠴᠠᠭᠠᠨ ᠰᠠᠷ᠎ᠠ︾ ᠲᠣᠭᠯᠠᠯᠲᠠ ᠶᠢᠨ ᠠᠵᠢᠯᠯᠠᠭ᠎ᠠ ᠥᠷᠨᠢᠭᠦᠯᠵᠦ᠂ ᠳᠤᠮᠳᠠᠳᠤ ᠶᠢᠨ ᠰᠣᠶᠣᠯ ᠢ ᠳᠡᠯᠡᠬᠡᠶ ᠳ᠋ᠠᠬᠢᠨ ᠳᠤ ᠳᠡᠯᠭᠡᠨ ᠦᠵᠡᠭᠦᠯᠵᠦ ᠤᠯᠠᠮᠵᠢᠯᠠᠪᠠ᠃      ᠡᠭᠦᠨ ᠠᠴᠠ ᠭᠠᠳᠠᠨ᠎ᠠ᠂ ᠥᠪᠥᠷ ᠮᠣᠩᠭᠤᠯ ᠨᠢ ᠵᠢᠭᠤᠯᠴᠢᠯᠠᠯ ᠬᠢᠭᠡᠳ ᠰᠣᠶᠣᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠵᠢᠭᠤᠯᠴᠢᠯᠠᠬᠴᠢᠳ ᠲᠤ ᠥᠪᠥᠷ ᠮᠣᠩᠭᠤᠯ ᠤᠨ ᠪᠠᠶᠢᠭᠠᠯᠢ ᠶᠢᠨ ᠰᠠᠶᠢᠬᠠᠨ᠂ ᠰᠣᠶᠣᠯ ᠤᠨ ᠰᠠᠶᠢᠬᠠᠨ ᠢ  ᠬᠦᠢᠴᠡᠳ ᠮᠡᠳᠡᠷᠡᠭᠦᠯᠪᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠵᠢᠱᠢᠯᠲᠡ ᠪᠠᠷ ᠦᠪᠦᠷ ᠮᠤᠩᠭᠤᠯ ᠤᠨ ᠵᠢᠭᠤᠯᠴᠢᠯᠠᠭᠴᠢᠳ ᠤᠨ ᠲᠤᠭ᠎ᠠ 6.58 ᠳ᠋ᠦᠩᠰᠢᠭᠤᠷ ᠬᠥᠮᠦᠨ ᠤᠳᠠᠭ᠎ᠠ ᠳᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ ᠪᠠᠨ 69 % ᠪᠠᠷ ᠨᠡᠮᠡᠭᠳᠡᠬᠦ ᠪᠤᠯᠤᠨ᠎ᠠ︔ ᠵᠢᠭᠤᠯᠴᠢᠯᠠᠯ ᠤᠨ ᠶᠡᠷᠦᠩᠬᠡᠢ ᠣᠷᠣᠯᠭ᠎ᠠ 17272 ᠳ᠋ᠦᠩᠰᠢᠭᠤᠷ ᠲᠥᠭᠦᠷᠢᠭ ᠲᠤ ᠬᠦᠷᠴᠦ᠂ 127 % ᠪᠠᠷ ᠨᠡᠮᠡᠭᠳᠡᠬᠦ ᠪᠤᠯᠤᠨ᠎ᠠ᠃http://mongol.people.com.cn/15834094.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ