︽ᠡᠬᠡ ᠤᠯᠤᠰ ᠤᠨ ᠤᠮᠠᠷᠠᠲᠤ ᠣᠷᠣᠨ ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠨᠢ ᠨᠢᠭᠡᠨᠲᠡ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ ᠰᠠᠶᠢᠵᠢᠷᠠᠭᠤᠯᠬᠤ ︽ᠠᠯᠲᠠᠨ ᠦᠰᠦᠭᠲᠦ ᠫᠠᠶᠢᠰᠠ︾ ᠪᠣᠯᠪᠠ
ᠨᠡᠶᠢᠲᠡᠯᠡᠭᠰᠡᠨ ᠴᠠᠭ᠄
2021/1/4
      ᠠᠷᠠᠳ ᠤᠨ ᠰᠦᠯᠵᠢᠶ᠎ᠡ ᠶᠢᠨ ᠬᠥᠬᠡᠬᠤᠲᠠ ᠶᠢᠨ 12 ᠰᠠᠷ᠎ᠠ ᠶᠢᠨ 29 ᠤ ᠡᠳᠦᠷ ᠤᠨ ᠮᠡᠳᠡᠭᠡ ︵ᠴᠧᠨ ᠯᠢ ᠭᠧᠩ  ᠳᠠᠳᠤᠯᠭ᠎ᠠ ᠶᠢᠨ ᠰᠣᠷᠣᠭᠴᠢ ᠾᠧ ᠢᠦᠶ︶ ᠰᠣᠶᠣᠯ ᠪᠣᠯ ᠵᠢᠭᠤᠯᠴᠢᠯᠠᠯ ᠤᠨ ᠠᠮᠢᠨ ᠰᠦᠨᠡᠰᠦ ᠮᠥᠨ᠂ ︽ᠠᠷᠪᠠᠨ ᠭᠤᠷᠪᠠᠳᠤᠭᠠᠷ ᠲᠠᠪᠤᠨ ᠵᠢᠯ︾ ᠪᠣᠯ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠠᠭᠤᠰᠤᠯᠴᠠᠯ ᠢ ᠴᠢᠩᠭᠠᠳᠬᠠᠬᠤ᠂ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠴᠠᠭ ᠬᠤᠭᠤᠴᠠᠭ᠎ᠠ ᠮᠥᠨ᠃ 12 ᠰᠠᠷ᠎ᠠ ᠶᠢᠨ 29 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠷᠠᠯᠳᠤᠭᠤᠯᠤᠭᠰᠠᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠥᠪᠥᠷ ᠮᠣᠩᠭᠤᠯ ᠤᠨ ᠣᠯᠠᠨ ᠨᠡᠶᠢᠲᠡ ᠶᠢᠨ ᠰᠣᠶᠣᠯ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ︽ᠡᠬᠡ ᠤᠯᠤᠰ ᠤᠨ ᠤᠮᠠᠷᠠᠲᠤ ᠣᠷᠣᠨ  ᠦᠵᠡᠰᠬᠦᠯᠡᠩᠲᠦ ᠰᠠᠶᠢᠬᠠᠨ ᠥᠪᠥᠷ ᠮᠣᠩᠭᠤᠯ︾   ᠨᠢ ᠨᠢᠭᠡᠨᠲᠡ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ ᠰᠠᠶᠢᠵᠢᠷᠠᠭᠤᠯᠬᠤ  ︽ᠠᠯᠲᠠᠨ ᠦᠰᠦᠭᠲᠦ ᠫᠠᠶᠢᠰᠠ︾ ᠪᠣᠯᠪᠠ᠃ ᠵᠢᠱᠢᠯᠲᠡ ᠪᠠᠷ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠥᠪᠥᠷ ᠮᠣᠩᠭᠤᠯ ᠤᠨ ᠪᠥᠬᠦ ᠣᠷᠣᠨ ᠤ ᠵᠢᠭᠤᠯᠴᠢᠯᠠᠭᠴᠢᠳ ᠤᠨ ᠲᠤᠭ᠎ᠠ 6.58 ᠳ᠋ᠦᠩᠰᠢᠭᠤᠷ ᠬᠥᠮᠦᠨ ᠤᠳᠠᠭ᠎ᠠ ᠳᠤ ᠬᠦᠷᠴᠦ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ ᠪᠠᠨ 69 % ᠪᠠᠷ  ᠨᠡᠮᠡᠭᠳᠡᠬᠦ ᠪᠤᠯᠤᠨ᠎ᠠ︔ ᠵᠢᠭᠤᠯᠴᠢᠯᠠᠯ ᠤᠨ ᠶᠡᠷᠦᠩᠬᠡᠢ ᠣᠷᠣᠯᠭ᠎ᠠ 17272 ᠳ᠋ᠦᠩᠰᠢᠭᠤᠷ ᠲᠥᠭᠦᠷᠢᠭ ᠲᠤ ᠬᠦᠷᠴᠦ᠂ 127 % ᠪᠠᠷ ᠨᠡᠮᠡᠭᠳᠡᠬᠦ ᠪᠤᠯᠤᠨ᠎ᠠ᠃      ᠵᠢᠭᠤᠯᠴᠢᠯᠠᠭᠴᠢᠳ ᠲᠤ ᠬᠡᠷᠬᠢᠨ ᠥᠪᠥᠷ ᠮᠣᠩᠭᠤᠯ ᠤᠨ ᠪᠠᠶᠢᠭᠠᠯᠢ ᠶᠢᠨ ᠰᠠᠶᠢᠬᠠᠨ᠂ ᠰᠣᠶᠣᠯ ᠤᠨ ᠰᠠᠶᠢᠬᠠᠨ ᠢ  ᠬᠦᠢᠴᠡᠳ ᠮᠡᠳᠡᠷᠡᠭᠦᠯᠵᠦ᠂ ᠵᠢᠭᠤᠯᠴᠢᠯᠠᠭᠴᠢᠳ ᠤᠨ ᠪᠡᠶᠡᠴᠢ ᠣᠶᠢᠯᠠᠭᠠᠯᠲᠠ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠪᠣᠶ︖ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠥᠪᠥᠷ ᠮᠣᠩᠭᠤᠯ ᠨᠢ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠠᠳ ᠲᠤ ᠠᠰᠢᠭ ᠬᠦᠷᠲᠡᠭᠡᠬᠦ ᠡᠷᠴᠢᠮ ᠢᠶᠠᠨ ᠴᠢᠩᠭᠠᠷᠠᠭᠤᠯᠬᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠢ ᠶᠡᠬᠡᠪᠡᠷ ᠬᠥᠭᠵᠢᠭᠦᠯᠬᠦ᠂ ᠳᠥᠷᠪᠡᠨ ᠤᠯᠠᠷᠢᠯ ᠤᠨ ᠵᠢᠭᠤᠯᠴᠢᠯᠠᠯ ᠢ ᠲᠦᠷᠭᠡᠨ ᠬᠥᠭᠵᠢᠭᠦᠯᠬᠦ᠂ ᠰᠣᠶᠣᠯ ᠬᠢᠭᠡᠳ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠬᠤ᠂ ᠵᠢᠭᠤᠯᠴᠢᠯᠠᠯ ᠤᠨ ᠣᠯᠠᠨ ᠤᠯᠤᠰ ᠤᠨ ᠬᠠᠮᠲᠤᠷᠠᠯᠴᠠᠭ᠎ᠠ ᠶᠢ ᠥᠷᠨᠢᠭᠦᠯᠬᠦ ᠵᠡᠷᠭᠡ ᠲᠠᠪᠤᠨ ᠲᠠᠯ᠎ᠠ ᠪᠠᠷ ᠬᠦᠴᠦᠯᠡᠪᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠮᠠᠨᠵᠦᠦᠷ ᠬᠤᠲᠠ᠂ ᠬᠢᠶ᠎ᠠ ᠪᠠᠭᠰᠢ ᠲᠣᠭᠤᠷᠢᠭ᠂ ᠡᠷᠢᠶᠡᠨ ᠬᠤᠲᠠ ᠵᠡᠷᠭᠡ ᠤᠯᠤᠰ ᠤᠨ ᠲᠡᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ 3 ᠵᠢᠱᠢᠶ᠎ᠡ ᠦᠵᠡᠭᠦᠯᠬᠦ ᠤᠷᠤᠨ ᠵᠢᠴᠢ ᠬᠡᠰᠢᠭᠲᠡᠨ ᠬᠤᠰᠢᠭᠤ᠂ ᠷᠠᠰᠢᠶᠠᠨ ᠬᠤᠲᠠ ᠵᠡᠷᠭᠡ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ 15 ᠵᠢᠱᠢᠶ᠎ᠡ ᠦᠵᠡᠭᠦᠯᠬᠦ ᠤᠷᠤᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃      ᠡᠨᠡ ᠵᠢᠯ ᠠᠴᠠ ᠨᠠᠭᠠᠰᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠰᠣᠶᠣᠯ ᠪᠠ ᠵᠢᠭᠤᠯᠴᠢᠯᠠᠯ ᠤᠨ ᠦᠢᠯᠡᠰ ᠲᠤ ᠵᠣᠬᠢᠬᠤ ᠨᠥᠯᠥᠭᠡ ᠪᠤᠯᠪᠠ᠃ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ ᠯᠢ ᠰᠢᠶᠤᠤ ᠴᠢᠦ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠬᠤ ᠳᠠᠭᠠᠨ᠄ ᠥᠪᠥᠷ ᠮᠣᠩᠭᠤᠯ ᠨᠢ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠡᠷᠭᠦᠯᠲᠡ ᠶᠢ ᠠᠬᠢᠭᠤᠯᠬᠤ ᠶᠠᠪᠤᠴᠠ ᠳᠤ᠂ ᠨᠢᠭᠡ ᠲᠠᠯ᠎ᠠ ᠪᠠᠷ ᠬᠢᠵᠢᠭ ᠢ ᠰᠡᠷᠭᠡᠶᠢᠯᠡᠨ ᠬᠤᠷᠢᠬᠯᠠᠬᠤ ᠶᠢ ᠴᠥᠬᠦᠷᠡᠰᠢ ᠥᠬᠡᠶ ᠠᠳᠬᠤᠵᠤ᠂ ᠨᠥᠭᠦᠭᠡ ᠲᠠᠯ᠎ᠠ ᠪᠠᠷ ᠰᠣᠶᠣᠯ ᠵᠢᠭᠤᠯᠴᠢᠯᠠᠯ ᠤᠨ ᠬᠥᠭᠵᠢᠯᠲᠡ ᠶᠢ ᠭᠤᠶᠢᠪᠢᠰᠢ ᠥᠬᠡᠶ ᠠᠳᠬᠤᠪᠠ᠃      ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠪᠠᠰᠠ ︽ᠰᠣᠶᠣᠯ ᠵᠢᠭᠤᠯᠴᠢᠯᠠᠯ ᠤᠨ ᠠᠵᠤ  ᠦᠢᠯᠡᠰ ᠤᠨ ᠬᠢᠵᠢᠭ ᠤᠨ ᠨᠥᠯᠥᠭᠡ ᠶᠢ ᠢᠯᠠᠨ ᠳᠠᠪᠠᠵᠤ ᠬᠥᠭᠵᠢᠯᠳᠡ ᠪᠠᠨ ᠲᠦᠷᠭᠡᠨ ᠰᠡᠷᠭᠦᠭᠦ ᠶᠢ ᠳᠡᠮᠵᠢᠬᠦ ᠲᠤᠬᠠᠶ ᠠᠷᠭ᠎ᠠ ᠬᠡᠮᠵᠢᠶ᠎ᠡ ᠨᠦᠭᠦᠳ︾ ᠢ ᠲᠣᠭᠲᠠᠭᠠᠨ ᠨᠡᠶᠢᠲᠡᠯᠡᠵᠦ᠂ ᠡᠭᠦᠳᠡᠨ ᠪᠢᠯᠧᠲ ᠦᠯᠦ ᠠᠪᠬᠤ᠂ ᠨᠡᠶᠢᠭᠡᠮ ᠤᠨ ᠳᠠᠭᠠᠳᠬᠠᠯ ᠤᠨ ᠮᠥᠩᠭᠦ ᠶᠢ ᠬᠤᠶᠢᠰᠢᠯᠠᠭᠤᠯᠤᠨ ᠲᠤᠰᠢᠶᠠᠬᠤ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ 10 ᠵᠦᠢᠯ ᠤᠨ ᠠᠷᠭ᠎ᠠ ᠬᠡᠮᠵᠢᠶ᠎ᠡ ᠠᠪᠴᠤ᠂ 1.4 ᠳ᠋ᠦᠩᠰᠢᠭᠤᠷ ᠲᠥᠭᠦᠷᠢᠭ ᠤᠨ ᠳᠡᠮᠵᠢᠯᠭᠡ ᠶᠢᠨ ᠪᠠᠯᠠ ᠮᠥᠩᠭᠦ ᠣᠷᠣᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠪᠥᠬᠦ ᠲᠠᠯ᠎ᠠ ᠪᠠᠷ ᠰᠡᠷᠭᠦᠬᠦ ᠶᠢ ᠠᠬᠢᠭᠤᠯᠪᠠ ᠬᠡᠵᠡᠢ᠃      ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠪᠥᠬᠦ ᠤᠯᠤᠰ ᠤᠨ ᠵᠢᠭᠤᠯᠴᠢᠯᠠᠬᠴᠢᠳ ᠲᠤ ᠥᠪᠥᠷ ᠮᠣᠩᠭᠤᠯ ᠤᠨ ᠵᠢᠭᠤᠯᠴᠢᠯᠠᠯ ᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠳᠡᠯᠭᠡᠷᠡᠭᠦᠯᠬᠦ ᠪᠣᠯ ︽ᠡᠬᠡ ᠤᠯᠤᠰ ᠤᠨ ᠤᠮᠠᠷᠠᠲᠤ ᠣᠷᠣᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠢ ᠪᠥᠬᠦ ᠤᠯᠤᠰ ᠲᠤ ᠠᠯᠳᠠᠷᠰᠢᠭᠤᠯᠬᠤ ᠶᠢᠨ ᠤᠷᠢᠲᠠᠯ ᠮᠥᠨ᠃ ᠯᠢ ᠰᠢᠶᠤᠤ ᠴᠢᠦ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠬᠤ ᠳᠠᠭᠠᠨ᠄ ︽ᠰᠦᠯᠵᠢᠶᠡᠨ ᠳᠡᠭᠡᠷ᠎ᠡ᠂ ᠢᠨᠲ᠋ᠧᠷ ᠰᠦᠯᠵᠢᠶ᠎ᠡ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠵᠡᠷᠭᠡ ᠰᠢᠨ᠎ᠡ ᠮᠡᠷᠭᠡᠵᠢᠯ ᠢ ᠬᠦᠢᠴᠡᠳ ᠠᠰᠢᠭᠯᠠᠨ᠂ ᠥᠪᠥᠷ ᠮᠣᠩᠭᠤᠯ ᠤᠨ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠤᠬᠠᠭᠤᠯᠤᠨ ᠲᠠᠨᠢᠯᠴᠠᠭᠤᠯᠬᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠵᠢᠭᠰᠠᠭᠠᠯ ᠢ ᠬᠦᠴᠦᠯᠡᠨ ᠪᠠᠶᠢᠭᠤᠯᠪᠠ︔ ᠰᠦᠯᠵᠢᠶᠡᠨ ᠭᠠᠳᠠᠨ᠎ᠠ᠂ ᠪᠢᠳᠡ ᠡᠯ᠎ᠡ ᠠᠶᠢᠮᠠᠭ ᠬᠤᠲᠠ ᠶᠢᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠪᠣᠯᠤᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠱᠠᠨ ᠰᠢ᠂ ᠯᠢᠶᠣᠤᠨᠢᠩ᠂ ᠨᠢᠩᠰᠢᠶᠠ ᠵᠡᠷᠭᠡ ᠡᠷᠬᠢᠨ ᠲᠣᠭᠤᠷᠢᠨ ᠤ ᠮᠤᠵᠢ ᠣᠷᠣᠨ ᠵᠢᠴᠢ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠵᠢᠭᠤᠯᠴᠢᠯᠠᠬᠴᠢᠳ ᠤᠨ ᠴᠢᠬᠤᠯᠠ ᠢᠷᠡᠯᠲᠡ ᠶᠢᠨ ᠭᠠᠵᠠᠷ ᠲᠤ ᠬᠦᠷᠴᠦ ᠵᠢᠭᠤᠯᠴᠢᠯᠠᠯ ᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠵᠦ᠂ 32 ᠲᠤᠰᠬᠠᠶ ᠣᠷᠣᠨ ᠬᠤᠲᠠ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠰᠣᠶᠣᠯ ᠵᠢᠭᠤᠯᠴᠢᠯᠠᠯ ᠤᠨ 126 ᠠᠵᠤ ᠠᠬᠤᠶᠢᠯᠠᠯ ᠲᠠᠢ ᠬᠠᠷᠢᠯᠴᠠᠨ ᠵᠢᠭᠤᠯᠴᠢᠯᠠᠬᠴᠢᠳ ᠢᠶᠠᠨ ᠬᠦᠷᠭᠡᠬᠦ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ︾᠃      ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠠᠰᠠ ᠥᠪᠡᠷᠮᠢᠴᠡ ᠣᠨᠴᠠᠯᠢᠭ ᠲᠠᠢ ᠠᠵᠢᠯᠯᠠᠭ᠎ᠠ ᠶᠢ ᠢᠳᠡᠪᠬᠢᠲᠡᠢ ᠲᠥᠯᠥᠪᠯᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠪᠡ᠃ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠠᠴᠠ ᠡᠬᠢᠯᠡᠨ᠂ ᠥᠪᠥᠷ ᠮᠣᠩᠭᠤᠯ ᠰᠣᠳᠣᠨ ᠲᠣᠭᠯᠠᠯᠲᠠ᠂ ᠰᠣᠶᠣᠯ ᠵᠢᠭᠤᠯᠴᠢᠯᠠᠯ ᠤᠨ ᠡᠭᠦᠳᠦᠯᠲᠡ ᠶᠢᠨ ᠪᠦᠲᠦᠭᠡᠭᠳᠡᠬᠦᠨ᠂ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠭᠳᠡᠬᠦᠨ ᠢᠶᠠᠨ ᠦᠵᠡᠮᠵᠢ ᠶᠢᠨ ᠣᠷᠣᠨ ᠳᠤ ᠨᠡᠭᠦᠯᠭᠡᠨ ᠣᠷᠣᠭᠤᠯᠵᠤ᠂ ᠪᠥᠬᠦ ᠣᠷᠣᠨ ᠳᠤ 3 ᠰᠠᠷ᠎ᠠ ᠭᠠᠷᠤᠶ ᠶᠢᠨ ᠬᠤᠭᠤᠴᠠᠭ᠎ᠠ ᠲᠠᠢ ᠰᠣᠳᠣᠨ ᠲᠣᠭᠯᠠᠯᠲᠠ᠂ ᠰᠣᠶᠣᠯ ᠤᠨ ᠡᠭᠦᠳᠦᠯᠲᠡ ᠪᠠ ᠪᠣᠳᠠᠰ ᠤᠨ ᠪᠤᠰᠤ ᠰᠣᠶᠣᠯ ᠤᠨ ᠥᠪ ᠢ ᠦᠵᠡᠮᠵᠢ ᠶᠢᠨ ᠣᠷᠣᠨ ᠳᠤ ᠣᠷᠣᠭᠤᠯᠬᠤ ᠰᠢᠷᠢᠰ ᠠᠵᠢᠯᠯᠠᠭ᠎ᠠ ᠥᠷᠨᠢᠭᠦᠯᠪᠡ᠃ 11 ᠳ᠋ᠤᠭᠡᠷ ᠰᠠᠷ᠎ᠠ ᠶᠢᠨ ᠡᠴᠦᠰ ᠪᠣᠯᠲᠠᠯ᠎ᠠ᠂ ᠥᠪᠥᠷ ᠮᠣᠩᠭᠤᠯ ᠤᠨ ᠭᠥᠯᠢᠶᠡᠨ ᠠᠪᠤᠭᠰᠠᠨ ᠵᠢᠭᠤᠯᠴᠢᠯᠠᠭᠴᠢᠳ ᠤᠨ ᠪᠥᠬᠦ ᠬᠦᠮᠦᠨ ᠤ ᠲᠤᠭ᠎ᠠ 11661.53 ᠲᠦᠮᠡᠨ ᠬᠥᠮᠦᠨ ᠤᠳᠠᠭ᠎ᠠ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 66 % ᠪᠣᠯᠲᠠᠯ᠎ᠠ ᠰᠡᠷᠭᠦᠵᠠᠢ︔ ᠵᠢᠭᠤᠯᠴᠢᠯᠠᠯ ᠤᠨ ᠶᠡᠷᠦᠩᠬᠡᠶ ᠣᠷᠣᠯᠭ᠎ᠠ ᠨᠢ 2247.11 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ  54 % ᠪᠣᠯᠲᠠᠯ᠎ᠠ ᠰᠡᠷᠭᠦᠵᠠᠢ ᠬᠡᠵᠦ ᠬᠡᠯᠡᠪᠡ  ᠃http://mongol.people.com.cn/15834096.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ