ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠯᠢ ᠰᠢᠶᠠ ᠴᠢᠮᠡᠭᠡᠯᠡᠭᠴᠢ ᠾᠧ ᠰᠢᠶᠤᠤ ᠲᠦᠩ︶ 12 ᠰᠠᠷ᠎ᠠ ᠶᠢᠨ | 29 ᠤ ᠡᠳᠦᠷ᠂ ᠰᠣᠶᠣᠯ ᠵᠢᠭᠤᠯᠴᠢᠯᠠᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠤᠨ | ᠬᠠᠮᠲᠤᠷᠠᠨ ᠤᠯᠤᠰ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠲᠠ᠂ ᠤᠯᠤᠰ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ | ᠲᠤᠷᠰᠢᠯᠲᠠ ᠶᠢᠨ ᠬᠤᠲᠠ ᠶᠢᠨ ᠨᠡᠷᠡᠰ ᠢ ᠨᠡᠶᠢᠲᠡᠯᠡᠪᠡ᠃ ᠡᠭᠦᠨ ᠳᠤ᠂ ᠲᠦᠷᠦᠭᠦᠤ ᠪᠦᠯᠦᠭ ᠤᠨ ᠤᠯᠤᠰ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ | ᠲᠤᠷᠰᠢᠯᠲᠠ ᠶᠢᠨ ᠬᠤᠲᠠ 60 ᠪᠠᠶᠢᠵᠤ᠂ ᠮᠠᠨ ᠤ ᠬᠤᠲᠠ ᠠᠮᠵᠢᠯᠲᠠᠲᠠᠶ ᠰᠣᠩᠭᠤᠭᠳᠠᠪᠠ᠃ | ᠲᠦᠷᠦᠭᠦᠤ ᠪᠦᠯᠦᠭ ︽ᠤᠯᠤᠰ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠤᠷᠰᠢᠯᠲᠠ ᠶᠢᠨ ᠬᠤᠲᠠ︾ ᠪᠣᠯᠤᠭᠰᠠᠨ ᠤ ᠬᠤᠪᠢ ᠳᠤ᠂ ᠣᠶᠢᠷ᠎ᠠ ᠶᠢᠨ | ᠵᠢᠯ ᠳᠤ᠂ ᠮᠠᠨ ᠤ ᠬᠤᠲᠠ ᠨᠢ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ | ᠰᠢᠨ᠎ᠡ ᠬᠠᠨᠳᠤᠰᠢ ᠳᠤ ᠵᠣᠬᠢᠴᠠᠵᠤ᠂ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠠᠴᠠ ᠬᠦᠴᠦᠯᠡᠵᠦ᠂ ᠬᠡᠷᠡᠭᠯᠡᠭᠡᠨ ᠤ ᠳᠠᠯᠳᠠ ᠬᠦᠴᠦᠨ ᠢ ᠲᠠᠰᠤᠷᠠᠯᠲᠠ ᠥᠬᠡᠶ | ᠬᠥᠭᠵᠢᠭᠡᠵᠦ᠂ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠡᠷᠡᠭᠯᠡᠭᠡᠨ ᠤ ᠣᠷᠴᠢᠨ ᠲᠣᠭᠤᠷᠢᠨ ᠢ | ᠰᠢᠯᠢᠳᠡᠭᠵᠢᠭᠦᠯᠵᠦ᠂ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠠᠭᠤᠰᠤᠯᠴᠠᠵᠤ ᠬᠠᠮᠵᠢᠯᠴᠠᠨ ᠬᠥᠭᠵᠢᠬᠦ ᠶᠢ ᠠᠬᠢᠭᠤᠯᠵᠤ᠂ ᠰᠣᠶᠣᠯ | ᠵᠢᠭᠤᠯᠴᠢᠯᠠᠯ ᠤᠨ ᠬᠡᠷᠡᠭᠯᠡᠭᠡ ᠶᠢ ᠪᠦᠲᠦᠮᠵᠢᠲᠡᠶ ᠬᠥᠲᠥᠯᠥᠨ ᠵᠢᠯᠣᠭᠤᠳᠬᠤ ᠪᠠ ᠥᠷᠭᠡᠳᠬᠡᠵᠦ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠬᠤ ᠵᠡᠷᠭᠡ | ᠲᠠᠯ᠎ᠠ ᠪᠠᠷ ᠢᠳᠡᠪᠬᠢᠲᠡᠶ ᠦᠢᠯᠡᠳᠦᠯ ᠦᠵᠡᠭᠦᠯᠪᠡ᠃ | 2019 ᠣᠨ ᠳᠤ᠂ ᠪᠥᠬᠦ ᠬᠤᠲᠠ ᠵᠤᠭᠠᠴᠠᠭᠰᠠᠳ ᠢ 4822.8 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠶ | ᠣᠷᠣᠯᠭ᠎ᠠ 1040.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 10.3 % ᠪᠠ 12.6 % ᠪᠠᠷ | ᠨᠡᠮᠡᠭᠳᠡᠵᠦ᠂ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠴᠢᠳᠠᠪᠤᠷᠢ ᠪᠠ ᠬᠡᠷᠡᠭᠯᠡᠭᠡᠨ ᠤ ᠯᠤᠲᠤ ᠶᠡᠭᠡ ᠳᠠᠯᠳᠠ ᠬᠦᠴᠦᠨ ᠲᠠᠢ ᠪᠤᠯᠪᠠ᠃ ᠣᠳᠣᠬᠠᠨ ᠳᠤ᠂ | ᠮᠠᠨ ᠤ ᠬᠤᠲᠠ ᠤᠯᠤᠰ ᠤᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ 44᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠤᠨ | ᠠᠮᠠᠷᠠᠯᠲᠠ ᠶᠢᠨ ᠣᠷᠣᠨ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ 1᠂ | ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ 4᠂ ᠬᠡᠷ ᠲᠡᠷᠭᠡᠨ ᠤ ᠬᠤᠧᠠᠷᠠᠨ 2 ᠢ ᠪᠠᠶᠢᠭᠤᠯᠵᠤ᠂ | ᠬᠥᠬᠡᠬᠤᠲᠠ ᠶᠢᠨ ᠵᠣᠣ ᠵᠢᠶᠦ᠋ᠨ ᠰᠣᠶᠣᠯ ᠤᠨ ᠨᠠᠶᠢᠷ᠂ ᠬᠥᠬᠡᠬᠤᠲᠠ ᠶᠢᠨ ᠴᠥᠭᠡᠨ ᠲᠣᠭᠠᠲᠤ ᠦᠨᠳᠦᠰᠦᠲᠡᠨ ᠤ ᠰᠣᠶᠣᠯ ᠵᠢᠭᠤᠯᠴᠢᠯᠠᠯ ᠤᠨ ᠤᠷᠠᠯᠢᠭ ᠤᠨ | ᠠᠵᠢᠯᠯᠠᠭ᠎ᠠ ᠵᠡᠷᠭᠡ ᠠᠯᠢ ᠣᠯᠠᠨ ᠲᠣᠮᠣ ᠬᠡᠯᠪᠡᠷᠢ ᠶᠢᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ︽ᠮᠢᠩᠭᠠᠨ ᠭᠠᠯᠪᠠ ᠶᠢᠨ ᠮᠣᠷᠢᠨ ᠤ | ᠮᠠᠭᠲᠠᠭᠠᠯ︾ ᠵᠡᠷᠭᠡ ᠨᠢᠭᠡ ᠪᠦᠯᠦᠭ ᠵᠢᠭᠤᠯᠴᠢᠯᠠᠯ ᠤᠨ ᠲᠣᠭᠯᠠᠯᠲᠠ ᠭᠠᠷᠭᠠᠵᠤ᠂ ᠰᠣᠶᠣᠯ ᠬᠢᠭᠡᠳ ᠵᠢᠭᠤᠯᠴᠢᠯᠠᠯ ᠤᠨ ᠠᠭᠤᠰᠤᠯᠴᠠᠯ ᠤᠨ ᠬᠡᠮᠵᠢᠶ᠎ᠡ ᠶᠢ | ᠲᠠᠰᠤᠷᠠᠯᠲᠠ ᠥᠬᠡᠶ ᠲᠡᠭᠡᠭᠰᠢᠯᠡᠬᠦᠯᠪᠡ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠨᠢ ᠬᠢᠵᠢᠭ ᠢ ᠰᠡᠷᠭᠡᠶᠢᠯᠡᠨ ᠬᠤᠷᠢᠬᠯᠠᠬᠤ ᠶᠢ ᠪᠠᠶᠢᠩᠭᠤᠵᠢᠭᠤᠯᠬᠤ ᠪᠠ ᠰᠣᠶᠣᠯ ᠵᠢᠭᠤᠯᠴᠢᠯᠠᠯ ᠤᠨ | ᠰᠡᠷᠭᠦᠯᠲᠡ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢᠨ ᠰᠠᠶᠢᠨ ᠰᠠᠶᠢᠬᠠᠨ ᠲᠥᠷᠥ ᠶᠢᠨ | ᠪᠣᠳᠣᠯᠭ᠎ᠠ ᠶᠢᠨ ᠣᠷᠴᠢᠨ ᠲᠣᠭᠤᠷᠢᠨ ᠢ ᠤᠯᠠᠮ ᠴᠢᠨᠠᠬᠰᠢᠳᠠ ᠪᠦᠷᠢᠯᠳᠦᠬᠦᠯᠵᠦ᠂ ᠬᠡᠷᠡᠭᠯᠡᠭᠡ ᠶᠢᠨ ᠪᠦᠲᠦᠮᠵᠢᠲᠡᠶ ᠬᠠᠩᠭᠠᠯᠭ᠎ᠠ ᠶᠢ ᠥᠷᠭᠡᠳᠬᠡᠵᠦ᠂ ᠰᠣᠶᠣᠯ ᠪᠠ | ᠵᠢᠭᠤᠯᠴᠢᠯᠠᠯ ᠠᠭᠤᠰᠤᠯᠴᠠᠬᠰᠠᠨ ᠬᠡᠷᠡᠭᠯᠡᠭᠡ ᠶᠢᠨ ᠰᠢᠨ᠎ᠡ ᠪᠠᠶᠢᠷᠢᠰᠢᠯ ᠢ ᠡᠭᠦᠳᠦᠨ ᠰᠢᠯᠢᠳᠡᠭᠵᠢᠭᠦᠯᠵᠦ᠂ ᠣᠶᠤᠨᠴᠢ ᠵᠢᠭᠤᠯᠴᠢᠯᠠᠯ ᠤᠨ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ | ᠬᠤᠪᠢ ᠨᠡᠮᠡᠷᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠢ | ᠨᠡᠮᠡᠭᠳᠡᠭᠦᠯᠦᠨ᠎ᠡ᠃ | http://mongol.people.com.cn/15834230.html |