ᠨᠠᠢᠮᠠᠨ ᠮᠤᠵᠢ ᠬᠤᠲᠠ 2021 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2021/1/4
      ᠰᠢᠨᠬᠤᠧᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 29 ᠤ ᠡᠳᠦᠷ ᠤᠨ ᠮᠡᠳᠡᠭᠡ ︵ᠰᠤᠷᠪᠤᠯᠵᠢᠯᠠᠭᠴᠢ ᠴᠧᠨ ᠰᠢ ᠶᠦ᠋ᠧᠠᠨ︶ ᠪᠥᠬᠦ ᠤᠯᠤᠰ ᠤᠨ ᠭᠤᠷᠪᠠᠳᠤᠭᠠᠷ ᠪᠦᠯᠦᠭ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠬᠢᠬᠦ ᠾᠧᠪᠸᠢ᠂ ᠯᠢᠶᠣᠤᠨᠢᠩ᠂ ᠵᠢᠶᠠᠩᠰᠦ᠂ ᠹᠦᠵᠢᠶᠠᠨ᠂ ᠬᠤᠪᠸᠢ᠂ ᠬᠤᠨᠠᠨ᠂ ᠭᠤᠧᠠᠩᠳᠦ᠋ᠡᠭ᠂ ᠴᠦᠩᠴᠢᠩ ᠵᠡᠷᠭᠡ ᠨᠠᠢᠮᠠᠨ ᠮᠤᠵᠢ ᠬᠤᠲᠠ 29 ᠤ ᠡᠳᠦᠷ 2021 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠲᠣᠬᠢᠷᠠᠭᠤᠯᠤᠯᠲᠠ ᠪᠠ ᠡᠯᠰᠡᠬᠦ ᠠᠵᠢᠯ ᠤᠨ ᠬᠡᠷᠡᠭᠵᠢᠭᠦᠯᠬᠦ ᠲᠥᠰᠦᠯ ᠢ ᠨᠡᠶᠢᠲᠡᠯᠡᠪᠡ᠃      ᠲᠥᠰᠦᠯ ᠢ ᠦᠨᠳᠦᠰᠦᠯᠡᠪᠡᠯ᠂ ᠨᠠᠢᠮᠠᠨ ᠮᠤᠵᠢ ᠬᠤᠲᠠ ᠶᠢᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠨ᠎ᠡ ᠰᠢᠯᠭᠠᠯᠲᠠ ᠳᠤ ︽3 + 1 + 2︾ ᠤᠨ ᠵᠠᠭᠪᠤᠷ ᠢ ᠬᠡᠷᠡᠭᠯᠡᠬᠦ ᠪᠠᠷ ᠪᠤᠢ᠂ ᠡᠭᠦᠨ ᠳᠤ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ ᠵᠡᠷᠭᠡ 3 ᠲᠥᠷᠥᠯ ᠳᠤ ᠪᠥᠬᠦ ᠤᠯᠤᠰ ᠤᠨ ᠰᠢᠯᠭᠠᠯᠲᠠ ᠶᠢᠨ ᠬᠠᠭᠤᠳᠠᠰᠤ ᠶᠢ ᠬᠡᠷᠡᠭᠯᠡᠨ᠎ᠡ᠂ ᠰᠢᠯᠭᠠᠬᠤ ᠴᠠᠭ ᠨᠢ 2021 ᠣᠨ ᠤ 6 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠤᠨ᠎ᠠ︔ ᠹᠢᠽᠢᠺ᠂ ᠲᠡᠤᠬᠡ᠂ ᠬᠢᠮᠢ᠂ ᠭᠠᠵᠠᠷ ᠵᠦᠶ᠂ ᠦᠵᠡᠯ ᠰᠠᠨᠠᠭ᠎ᠠ ᠤᠯᠤᠰ ᠲᠥᠷᠥ᠂ ᠠᠮᠢᠳᠤ ᠪᠣᠳᠠᠰ ᠵᠡᠷᠭᠡ 6 ᠲᠥᠷᠥᠯ ᠢ ᠡᠯ᠎ᠡ ᠮᠤᠵᠢ ᠬᠤᠲᠠ ᠠᠴᠠ ᠵᠣᠬᠢᠶᠠᠨ ᠪᠠᠶᠢᠭᠤᠯᠵᠤ ᠰᠡᠳᠦᠪ ᠭᠠᠷᠭᠠᠨ᠎ᠠ᠂ ᠰᠢᠯᠭᠠᠬᠤ ᠴᠠᠭ ᠨᠢ 2021 ᠣᠨ ᠤ 6 ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠤᠨ᠎ᠠ᠃      ᠰᠤᠷᠪᠤᠯᠵᠢᠯᠠᠭᠴᠢ ᠣᠯᠵᠤ ᠮᠡᠳᠡᠭᠰᠡᠨ ᠢᠶᠠᠷ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠨ᠎ᠡ ᠰᠢᠯᠭᠠᠯᠲᠠ ᠨᠢ ᠰᠢᠯᠭᠠᠭᠤᠯᠤᠭᠴᠢ ᠳᠤ ᠨᠠᠩ ᠣᠯᠠᠨ ᠰᠣᠩᠭᠤᠯᠲᠠ ᠠᠪᠴᠢᠷᠠᠵᠤ ᠥᠭᠬᠦ ᠪᠣᠯᠤᠨ᠎ᠠ᠃ ᠵᠢᠩᠬᠢᠨᠢ ᠠᠩᠭᠢ ᠶᠢᠨ ᠪᠦᠯᠦᠭ ᠤᠳᠠᠭ᠎ᠠ ᠪᠠᠷ ᠵᠢᠱᠢᠶᠡᠯᠡᠬᠦ ᠳᠤ᠂ ᠭᠤᠧᠠᠩᠳᠦ᠋ᠡᠭ ᠮᠤᠵᠢ ᠶᠢᠨ ᠡᠩ ᠤᠨ ᠲᠥᠷᠥᠯ ᠤᠨ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ︵ᠣᠷᠣᠨ ᠨᠤᠲᠤᠭ ᠤᠨ ᠲᠤᠰᠬᠠᠶ ᠲᠥᠯᠥᠪᠯᠡᠭᠡ᠂ ᠴᠥᠭᠡᠨ ᠲᠣᠭᠠᠲᠤ ᠦᠨᠳᠦᠰᠦᠲᠡᠨ ᠤ ᠠᠩᠭᠢ᠂ ᠡᠯ᠎ᠡ ᠲᠥᠷᠥᠯ ᠤᠨ ᠪᠡᠯᠡᠳᠬᠡᠯ ᠠᠩᠭᠢ ᠪᠠᠭᠲᠠᠨ᠎ᠠ︶ ᠨᠢ 45 ᠵᠡᠷᠭᠡᠴᠡᠭᠡ ᠶᠡᠭᠡ ᠲᠡᠭᠡᠳᠦ ᠰᠤᠷᠭᠠᠭᠤᠯᠢ ᠳᠤ ᠡᠷᠡᠮᠡᠯᠵᠡᠯ ᠲᠠᠬᠯᠠᠵᠤ ᠪᠤᠯᠬᠤ ᠪᠠᠷ ᠲᠣᠬᠢᠷᠠᠭᠤᠯᠪᠠ︔ ᠵᠢᠶᠠᠩᠰᠦ ᠮᠤᠵᠢ ᠶᠢᠨ ᠵᠢᠩᠬᠢᠨᠢ ᠠᠩᠭᠢ ᠶᠢᠨ ᠪᠦᠯᠦᠭ ᠤᠳᠠᠭ᠎ᠠ ᠳᠤ 40 ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠳᠤᠭᠤᠶᠢᠯᠠᠩ ᠳᠤ ᠡᠷᠡᠮᠡᠯᠵᠡᠯ ᠲᠠᠬᠯᠠᠵᠤ ᠪᠤᠯᠬᠤ ᠪᠠᠷ ᠲᠣᠬᠢᠷᠠᠭᠤᠯᠵᠤ᠂ ᠳᠤᠭᠤᠶᠢᠯᠠᠩ ᠪᠦᠷᠢ ᠳᠤ 6 ᠲᠤᠰᠬᠠᠶ ᠮᠡᠷᠭᠡᠵᠢᠯ ᠤᠨ ᠡᠷᠡᠮᠡᠯᠵᠡᠯ ᠪᠠ 1 ᠲᠤᠰᠬᠠᠶ ᠮᠡᠷᠭᠡᠵᠢᠯ ᠤᠨ ᠲᠣᠬᠢᠷᠠᠭᠤᠯᠭ᠎ᠠ ᠶᠢ ᠳᠠᠭᠠᠬᠤ ᠡᠷᠡᠮᠡᠯᠵᠡᠯ ᠲᠠᠬᠯᠠᠵᠤ ᠪᠤᠯᠬᠤ ᠪᠠᠷ ᠲᠣᠬᠢᠷᠠᠭᠤᠯᠪᠠ︔ ᠾᠧᠪᠸᠢ ᠮᠤᠵᠢ ᠶᠢᠨ ᠡᠩ ᠤᠨ ᠲᠥᠷᠥᠯ ᠤᠨ ᠰᠢᠯᠭᠠᠭᠤᠯᠤᠭᠴᠢ ᠤᠳᠠᠭ᠎ᠠ ᠪᠦᠷᠢ ᠬᠠᠮᠤᠭ ᠣᠯᠠᠨ ᠳᠠᠭᠠᠨ 96 ᠡᠷᠡᠮᠡᠯᠵᠡᠯ ᠲᠠᠭᠯᠠᠵᠤ ᠪᠣᠯᠤᠨ᠎ᠠ᠃      ᠣᠶᠢᠯᠠᠭᠠᠭᠰᠠᠨ ᠢᠶᠠᠷ᠂ 2021 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢ ᠲᠣᠭᠲᠠᠭᠤᠨ ᠢᠶᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠡᠰᠡᠭ ᠮᠤᠵᠢ ᠬᠤᠲᠠ 2021 ᠣᠨ ᠤ 1 ᠰᠠᠷ᠎ᠠ ᠠᠴᠠ 4 ᠰᠠᠷ᠎ᠠ ᠪᠣᠯᠲᠠᠯ᠎ᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠨ᠎ᠡ ᠰᠢᠯᠭᠠᠯᠲᠠ ᠶᠢᠨ ᠵᠣᠬᠢᠴᠠᠬᠤ ᠴᠢᠨᠠᠷᠲᠠᠶ ᠰᠣᠷᠢᠯᠲᠠ ᠬᠢᠬᠦ ᠪᠣᠯᠤᠨ᠎ᠠ᠂ ᠪᠣᠳᠠᠲᠠᠶ ᠰᠢᠯᠭᠠᠬᠤ ᠴᠠᠭ ᠢ 2021 ᠣᠨ ᠤ 1 ᠰᠠᠷ᠎ᠠ ᠶᠢᠨ 23 ᠤ ᠡᠳᠦᠷ ᠠᠴᠠ 25 ᠤ ᠡᠳᠦᠷ ᠪᠣᠯᠲᠠᠯ᠎ᠠ ᠲᠣᠬᠢᠷᠠᠭᠤᠯᠤᠨ᠎ᠠ᠂ ᠰᠣᠷᠢᠯᠲᠠ ᠶᠢᠨ ᠰᠢᠯᠭᠠᠯᠲᠠ ᠶᠢ ᠵᠣᠬᠢᠶᠠᠨ ᠪᠠᠶᠢᠭᠤᠯᠬᠤ᠂ ᠰᠢᠯᠭᠠᠯᠲᠠ ᠬᠢᠨᠠᠬᠤ ᠠᠴᠠ ᠠᠪᠤᠭᠠᠳ ᠰᠣᠷᠣᠭᠴᠢ ᠡᠯᠰᠡᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ᠂ ᠡᠷᠡᠮᠡᠯᠵᠡᠯ ᠲᠠᠭᠯᠠᠬᠤ ᠵᠡᠷᠭᠡ ᠭᠤᠭᠴᠤᠭ᠎ᠠ ᠬᠦᠷᠲᠡᠯᠡᠬᠢ ᠪᠥᠬᠦ ᠶᠠᠪᠤᠴᠠ ᠶᠢ ᠳᠠᠭᠤᠷᠢᠶᠠᠨ ᠬᠢᠵᠤ᠂ ᠰᠢᠯᠭᠠᠭᠤᠯᠤᠭᠴᠢ ᠳᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠰᠢᠨ᠎ᠡ ᠰᠢᠯᠭᠠᠯᠲᠠ ᠶᠢᠨ ᠰᠡᠳᠦᠪ ᠤᠨ ᠬᠡᠪ ᠨᠠᠮᠪᠠ ᠶᠢ ᠣᠶᠢᠯᠠᠭᠠᠭᠤᠯᠵᠤ᠂ ᠡᠯᠰᠡᠬᠦ ᠲᠦᠷᠢᠮ ᠢ ᠣᠶᠢᠯᠠᠭᠠᠭᠤᠯᠬᠤ ᠪᠤᠯᠤᠨ᠎ᠠ᠃      ᠯᠢᠶᠣᠤᠨᠢᠩ᠄ 2021 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ︽3 + 1 + 2︾ ᠤᠨ ᠵᠠᠭᠪᠤᠷ ᠢ ᠬᠡᠷᠡᠭᠵᠢᠭᠦᠯᠬᠦ ᠪᠠᠷ ᠪᠠᠶᠢᠨ᠎ᠠ᠃ ᠯᠢᠶᠣᠤᠨᠢᠩ ᠮᠤᠵᠢ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠺᠤᠮᠢᠰ 29 ᠤ ᠡᠳᠦᠷ ︽ᠯᠢᠶᠣᠤᠨᠢᠩ ᠮᠤᠵᠢ ᠶᠢᠨ 2021 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠪᠠ ᠡᠯᠰᠡᠬᠦ ᠠᠵᠢᠯ ᠤᠨ ᠬᠡᠷᠡᠭᠵᠢᠭᠦᠯᠬᠦ ᠲᠥᠰᠦᠯ︾ ᠢ ᠨᠡᠶᠢᠲᠡᠯᠡᠪᠡ᠃ 2021 ᠣᠨ ᠳᠤ᠂ ᠯᠢᠶᠣᠤᠨᠢᠩ ᠮᠤᠵᠢ ᠨᠢ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠳᠤ ︽3 + 1 + 2︾ ᠤᠨ ᠵᠠᠭᠪᠤᠷ ᠢ ᠬᠡᠷᠡᠭᠵᠢᠭᠦᠯᠬᠦ ᠪᠠᠷ ᠪᠤᠢ᠂ ᠡᠭᠦᠨ ᠳᠤ ᠰᠣᠩᠭᠤᠯᠲᠠ ᠶᠢᠨ ᠴᠢᠨᠠᠷᠲᠠᠶ ᠰᠢᠯᠭᠠᠯᠲᠠ ᠶᠢᠨ ᠬᠢᠴᠢᠶᠡᠯ ᠲᠥᠷᠥᠯ ᠳᠤ ᠹᠢᠽᠢᠺ᠂ ᠬᠢᠮᠢ᠂ ᠲᠡᠤᠬᠡ ᠵᠡᠷᠭᠡ 6 ᠬᠢᠴᠢᠶᠡᠯ ᠲᠥᠷᠥᠯ ᠪᠠᠭᠲᠠᠵᠤ᠂ ᠯᠢᠶᠣᠤᠨᠢᠩ ᠮᠤᠵᠢ ᠠᠴᠠ ᠪᠡᠶ᠎ᠡ ᠪᠠᠨ ᠳᠠᠭᠠᠭᠠᠵᠤ ᠰᠡᠳᠦᠪ ᠭᠠᠷᠭᠠᠨ᠎ᠠ᠃      ᠪᠣᠳᠠᠲᠠᠶ ᠰᠢᠯᠭᠠᠯᠲᠠ ᠶᠢᠨ ᠠᠭᠤᠯᠭ᠎ᠠ ᠪᠠ ᠴᠠᠭ ᠤᠨ ᠲᠤᠬᠢᠷᠠᠭᠤᠯᠤᠯᠳᠠ ᠪᠤᠯ᠄ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠢᠴᠢᠶᠡᠯ ᠲᠥᠷᠥᠯ ᠨᠢ ᠬᠡᠯᠡ ᠪᠢᠴᠢᠭ ︵ᠬᠢᠲᠠᠳ ᠬᠡᠯᠡ︶᠂ ᠲᠣᠭᠠᠨ ᠤ ᠤᠬᠠᠭᠠᠨ᠂ ᠭᠠᠳᠠᠭᠠᠳᠤ ᠬᠡᠯᠡ ︵ᠪᠢᠷ ᠤᠨ ᠰᠢᠯᠭᠠᠯᠲᠠ ᠪᠠ ᠰᠣᠨᠣᠰᠬᠤ ᠴᠢᠳᠠᠪᠤᠷᠢ ᠪᠠᠭᠲᠠᠨ᠎ᠠ︶ ᠵᠡᠷᠭᠡ 3 ᠬᠢᠴᠢᠶᠡᠯ ᠲᠥᠷᠥᠯ ᠪᠠᠶᠢᠵᠤ᠂ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠬᠠᠭᠤᠳᠠᠰᠤ ᠶᠢ ᠬᠡᠷᠡᠭᠯᠡᠨ᠎ᠡ᠂ ᠰᠢᠯᠭᠠᠬᠤ ᠴᠠᠭ ᠨᠢ 6 ᠰᠠᠷ᠎ᠠ ᠶᠢᠨ 7 ᠤ ᠡᠳᠦᠷ᠂ 8 ᠤ ᠡᠳᠦᠷ ᠪᠣᠯᠤᠨ᠎ᠠ︔ ᠰᠣᠩᠭᠤᠯᠲᠠ ᠶᠢᠨ ᠴᠢᠨᠠᠷᠲᠠᠶ ᠰᠢᠯᠭᠠᠯᠲᠠ ᠶᠢᠨ ᠬᠢᠴᠢᠶᠡᠯ ᠲᠥᠷᠥᠯ 6 ᠪᠠᠶᠢᠵᠤ᠂ ᠰᠢᠯᠭᠠᠭᠤᠯᠤᠭᠴᠢ ᠤᠷᠢᠳᠠᠪᠠᠷ ᠲᠡᠤᠬᠡ᠂ ᠹᠢᠽᠢᠺ ᠤᠨ 2 ᠬᠢᠴᠢᠶᠡᠯ ᠲᠥᠷᠥᠯ ᠠᠴᠠ 1 ᠲᠥᠷᠥᠯ ᠢ ᠰᠣᠩᠭᠤᠵᠤ ᠲᠡᠷᠢᠭᠦᠨ ᠰᠣᠩᠭᠤᠯᠲᠠ ᠶᠢᠨ ᠬᠢᠴᠢᠶᠡᠯ ᠲᠥᠷᠥᠯ ᠪᠣᠯᠭᠠᠨ᠎ᠠ᠂ ᠳᠠᠷᠠᠭ᠎ᠠ ᠨᠢ ᠬᠢᠮᠢ᠂ ᠠᠮᠢᠳᠤ ᠪᠣᠳᠠᠰ ᠂ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠶ 4 ᠬᠢᠴᠢᠶᠡᠯ ᠲᠥᠷᠥᠯ ᠠᠴᠠ 2 ᠲᠥᠷᠥᠯ ᠢ ᠰᠣᠩᠭᠤᠵᠤ ᠳᠠᠬᠢᠨ ᠰᠣᠩᠭᠤᠯᠲᠠ ᠶᠢᠨ ᠬᠢᠴᠢᠶᠡᠯ ᠲᠥᠷᠥᠯ ᠪᠣᠯᠭᠠᠨ᠎ᠠ᠂ ᠰᠣᠩᠭᠤᠯᠲᠠ ᠶᠢᠨ ᠴᠢᠨᠠᠷᠲᠠᠶ ᠰᠢᠯᠭᠠᠯᠲᠠ ᠶᠢᠨ ᠴᠠᠭ ᠨᠢ 6 ᠰᠠᠷ᠎ᠠ ᠶᠢᠨ 8 ᠤ ᠡᠳᠦᠷ᠂ 9 ᠤ ᠡᠳᠦᠷ ᠪᠣᠯᠤᠨ᠎ᠠ᠃ ︵ᠰᠤᠷᠪᠤᠯᠵᠢᠯᠠᠭᠴᠢ ᠸᠠᠩ ᠢᠩ︶ http://mongol.people.com.cn/15834229.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ