ᠾᠧ ᠬᠠᠢ ᠳ᠋ᠦᠩ ᠣᠷᠣᠯᠴᠠᠪᠠ | ︵ᠰᠤᠷᠪᠤᠯᠵᠢᠯᠠᠭᠴᠢ ᠯᠢᠶᠠᠩ ᠵᠢᠩ ᠱᠤ᠋︶ 1 ᠳ᠋ᠦ᠋ᠭᠡᠷ ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧ ᠬᠠᠢ ᠳ᠋ᠦᠩ | ᠨᠠᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠬᠤᠲᠠ ᠶᠢᠨ ᠤᠰᠤ ᠬᠠᠩᠭᠠᠵᠤ ᠭᠠᠳᠠᠭᠰᠢᠯᠠᠭᠤᠯᠬᠤ ᠬᠢᠵᠠᠭᠠᠷᠲᠤ ᠺᠣᠮᠫᠠᠨᠢ᠂ ᠬᠤᠲᠠ ᠶᠢᠨ 12345 | ᠵᠠᠭᠠᠯᠳᠤᠯᠭ᠎ᠠ ᠶᠢ ᠲᠣᠰᠣᠭᠰᠠᠨ ᠳᠠᠷᠤᠢ ᠭᠦᠢᠴᠡᠳᠬᠡᠬᠦ ᠵᠢᠯᠣᠭᠤᠳᠬᠤ ᠲᠣᠬᠢᠷᠠᠭᠤᠯᠬᠤ ᠲᠥᠪ ᠲᠤ ᠬᠦᠷᠴᠦ ︽ | ᠵᠠᠭᠠᠯᠳᠤᠯᠭ᠎ᠠ ᠶᠢ ᠲᠣᠰᠣᠭᠰᠠᠨ ᠳᠠᠷᠤᠢ ᠭᠦᠢᠴᠡᠳᠬᠡᠬᠦ︾ ᠬᠤᠯᠪᠣᠭᠳᠠᠯ ᠪᠦᠬᠦᠢ ᠠᠵᠢᠯ ᠳᠤ ᠪᠠᠶᠢᠴᠠᠭᠠᠨ ᠰᠤᠳᠤᠯᠤᠯᠲᠠ | ᠬᠢᠪᠡ᠃ | ᠾᠧ ᠬᠠᠢ ᠳ᠋ᠦᠩ ᠨᠠᠷ ᠤᠷᠢᠳ ᠬᠤᠵᠢᠳ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠤᠰᠤ ᠬᠠᠩᠭᠠᠵᠤ ᠭᠠᠳᠠᠭᠰᠢᠯᠠᠭᠤᠯᠬᠤ ᠬᠢᠵᠠᠭᠠᠷᠲᠤ | ᠺᠣᠮᠫᠠᠨᠢ ᠶᠢᠨ ᠠᠷᠠᠳ ᠲᠤ ᠦᠢᠯᠡᠴᠢᠯᠡᠬᠦ ᠠᠯᠪᠠᠨ ᠭᠡᠷ ᠢᠶᠠᠷ ᠪᠠᠶᠢᠴᠠᠭᠠᠨ ᠦᠵᠡᠵᠦ᠂ ᠠᠷᠠᠳ ᠲᠤ ᠦᠢᠯᠡᠴᠢᠯᠡᠬᠦ | ᠬᠠᠯᠠᠮᠰᠢᠯ ᠤᠲᠠᠰᠤ ᠶᠢᠨ ᠲᠠᠪᠴᠠᠩ ᠤᠨ ᠬᠤᠲᠠ ᠶᠢᠨ ᠠᠷᠠᠳ ᠤᠨ ᠬᠠᠯᠠᠮᠰᠢᠯ ᠤᠲᠠᠰᠤ ᠶᠢ ᠰᠢᠢᠳᠪᠦᠷᠢᠯᠡᠵᠦ ᠪᠠᠶᠢᠭ᠎ᠠ | ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠳᠤ ᠮᠠᠨ ᠤ ᠬᠤᠲᠠ ᠶᠢᠨ ︽ᠵᠠᠭᠠᠯᠳᠤᠯᠭ᠎ᠠ ᠶᠢ ᠲᠣᠰᠣᠭᠰᠠᠨ ᠳᠠᠷᠤᠢ | ᠭᠦᠢᠴᠡᠳᠬᠡᠬᠦ︾ ᠠᠵᠢᠯ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ | ᠳᠤᠷᠠᠳᠴᠠᠢ᠃ ᠬᠤᠲᠠ ᠶᠢᠨ 12345 ᠵᠠᠭᠠᠯᠳᠤᠯᠭ᠎ᠠ ᠶᠢ ᠲᠣᠰᠣᠭᠰᠠᠨ ᠳᠠᠷᠤᠢ ᠭᠦᠢᠴᠡᠳᠬᠡᠬᠦ ᠵᠢᠯᠣᠭᠤᠳᠬᠤ | ᠲᠣᠬᠢᠷᠠᠭᠤᠯᠬᠤ ᠲᠥᠪ ᠲᠤ᠂ ᠾᠧ ᠬᠠᠢ ᠳ᠋ᠦᠩ ᠨᠠᠷ ︽ᠵᠠᠭᠠᠯᠳᠤᠯᠭ᠎ᠠ ᠶᠢ ᠲᠣᠰᠣᠭᠰᠠᠨ ᠳᠠᠷᠤᠢ ᠭᠦᠢᠴᠡᠳᠬᠡᠬᠦ︾ | ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠾᠧ ᠬᠠᠢ ᠳ᠋ᠦᠩ ᠴᠢᠬᠤᠯᠠᠴᠢᠯᠠᠬᠤ ᠳᠠᠭᠠᠨ᠂ ︽ᠵᠠᠭᠠᠯᠳᠤᠯᠭ᠎ᠠ ᠶᠢ ᠲᠣᠰᠣᠭᠰᠠᠨ ᠳᠠᠷᠤᠢ ᠭᠦᠢᠴᠡᠳᠬᠡᠬᠦ︾ | ᠠᠵᠢᠯ ᠢ ᠦᠵᠡᠯᠲᠡ ᠲᠠᠨᠢᠯᠲᠠ ᠳᠡᠭᠡᠷ᠎ᠡ ᠪᠠᠨ ᠴᠢᠬᠤᠯᠠᠴᠢᠯᠠᠵᠤ᠂ ᠠᠷᠠᠳ ᠲᠦᠮᠡᠨ ᠳᠤ ᠦᠢᠯᠡᠴᠢᠯᠡᠬᠦ ᠶᠢ ᠠᠵᠢᠯ ᠤᠨ | ᠭᠤᠣᠯ ᠪᠣᠯᠭᠠᠵᠤ᠂ ᠲᠤᠭᠤᠰᠢᠳᠠᠢ ᠵᠣᠬᠢᠶᠠᠨ ᠪᠠᠶᠢᠭᠤᠯᠤᠨ ᠤᠳᠤᠷᠢᠳᠬᠤ ᠰᠢᠰᠲ᠋ᠧᠮᠵᠢ ᠪᠠ ᠳᠠᠷᠤᠢ ᠲᠦᠷᠭᠡᠨ ᠲᠤᠰᠬᠠᠯ | ᠭᠠᠷᠭᠠᠬᠤ ᠲᠤᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠦᠨᠡᠯᠡᠨ ᠰᠢᠯᠭᠠᠬᠤ︾ ᠲᠤᠬᠢᠭᠤᠷ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠭᠤᠴᠠᠯᠭ᠎ᠠ ᠪᠠ ᠳᠠᠷᠤᠮᠲᠠ ᠶᠢ ᠱᠠᠲᠤ ᠱᠠᠲᠤ ᠪᠠᠷ ᠡᠯ᠎ᠡ ᠱᠠᠲᠤᠨ ᠳᠤ | ᠳᠠᠮᠵᠢᠭᠤᠯᠬᠤ ᠬᠡᠷᠡᠭᠲᠡᠢ᠃ ︽ᠵᠠᠭᠠᠯᠳᠤᠯᠭ᠎ᠠ ᠶᠢ ᠲᠣᠰᠣᠭᠰᠠᠨ ᠳᠠᠷᠤᠢ ᠭᠦᠢᠴᠡᠳᠬᠡᠬᠦ︾ ᠠᠵᠢᠯ ᠢ | ᠴᠢᠬᠤᠯᠠᠴᠢᠯᠠᠬᠤ ᠪᠠᠨ ᠪᠣᠳᠠᠲᠠᠢ ᠪᠦᠲᠦᠮᠵᠢᠲᠡᠢ ᠠᠷᠭ᠎ᠠ ᠬᠡᠮᠵᠢᠶᠡᠨ ᠳᠡᠭᠡᠷ᠎ᠡ ᠨᠠᠶᠢᠳᠠᠪᠤᠷᠢᠵᠢᠭᠤᠯᠵᠤ᠂ ᠠᠵᠢᠯ ᠤᠨ | ᠰᠠᠭᠤᠷᠢ ᠪᠠᠨ ᠪᠠᠲᠤᠳᠬᠠᠨ᠂ ᠠᠵᠢᠯ ᠤᠨ ᠳᠠᠷᠠᠭᠠᠯᠠᠯ ᠢᠶᠠᠨ ᠴᠡᠭᠴᠡᠯᠡᠵᠦ᠂ ᠡᠭᠦᠷᠭᠡ ᠶᠢ ᠣᠨᠣᠪᠴᠢᠲᠠᠢ ᠬᠤᠪᠢᠶᠠᠬᠤ᠂ | ᠴᠠᠭ ᠳᠠᠷᠤᠢ ᠳᠤᠨᠢ ᠰᠢᠢᠳᠪᠦᠷᠢᠯᠡᠬᠦ ᠪᠠ ᠬᠠᠷᠢᠭᠤ ᠲᠤᠰᠬᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ | ᠦᠢᠯᠡᠴᠢᠯᠡᠭᠡ ᠶᠢᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ︽ᠵᠠᠭᠠᠯᠳᠤᠯᠭ᠎ᠠ ᠶᠢ | ᠲᠣᠰᠣᠭᠰᠠᠨ ᠳᠠᠷᠤᠢ ᠭᠦᠢᠴᠡᠳᠬᠡᠬᠦ︾ ᠠᠵᠢᠯ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠳᠤ ᠬᠠᠨᠳᠤᠭᠤᠯᠤᠨ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠵᠣᠬᠢᠴᠠᠯᠳᠤᠯ ᠢᠶᠠᠨ ᠴᠢᠩᠭᠠᠳᠬᠠᠵᠤ᠂ ᠨᠢᠭᠡ | ᠪᠦᠯᠦᠭ ᠣᠯᠠᠨ ᠲᠦᠮᠡᠨ ᠤ ᠰᠠᠨᠠᠭᠠᠰᠢᠷᠠᠭᠰᠠᠨ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ︽ | ᠵᠠᠭᠠᠯᠳᠤᠯᠭ᠎ᠠ ᠶᠢ ᠲᠣᠰᠣᠭᠰᠠᠨ ᠳᠠᠷᠤᠢ ᠭᠦᠢᠴᠡᠳᠬᠡᠬᠦ︾ ᠠᠵᠢᠯ ᠳᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ | ᠬᠡᠮᠵᠢᠶ᠎ᠡ ᠪᠠᠨ ᠴᠠᠭ ᠳᠠᠷᠤᠢ ᠳᠤᠨᠢ ᠳ᠋ᠦᠩᠨᠡᠨ ᠳᠡᠯᠭᠡᠷᠡᠭᠦᠯᠦᠨ ᠬᠡᠷᠡᠭᠯᠡᠵᠦ᠂ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠳᠤ ᠰᠢᠨ᠎ᠡ ᠶᠢ ᠡᠭᠦᠳᠬᠦ ᠬᠡᠷᠡᠭᠲᠡᠢ᠃ ᠡᠭᠦᠨ ᠤ ᠬᠠᠮᠲᠤ᠂ ᠤᠬᠠᠭᠤᠯᠭ᠎ᠠ ᠶᠢᠨ ᠠᠵᠢᠯ ᠢ ᠰᠠᠶᠢᠨ ᠬᠢᠵᠦ᠂ | ᠬᠤᠲᠠ ᠶᠢᠨ ᠠᠷᠠᠳ ᠤᠨ ︽12345︾ ᠶᠢ ᠮᠡᠳᠡᠬᠦ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ | ᠭᠡᠵᠡᠢ᠃ |