ᠮᠠᠨ ᠤ ᠬᠤᠲᠠ ᠨᠡᠶᠢᠲᠡ 1228 ᠪᠡᠶᠡᠲᠦ ᠵᠥᠷᠢᠴᠡᠯ ᠮᠠᠷᠭᠤᠯᠳᠤᠭᠠᠨ ᠢ ᠰᠢᠢᠳᠪᠦᠷᠢᠯᠡᠬᠦ ᠬᠠᠮᠲᠤᠷᠠᠭᠰᠠᠨ ᠦᠢᠯᠡᠴᠢᠯᠡᠭᠡᠨ ᠤ ᠲᠥᠪ ᠢ ᠪᠠᠶᠢᠭᠤᠯᠵᠤ ᠵᠥᠷᠢᠴᠡᠯ ᠮᠠᠷᠭᠤᠯᠳᠤᠭᠠᠨ ᠢ ᠰᠢᠢᠳᠪᠦᠷᠢᠯᠡᠬᠦ ᠬᠠᠮᠲᠤᠷᠠᠭᠰᠠᠨ ᠦᠢᠯᠡᠴᠢᠯᠡᠭᠡᠨ ᠤ ᠲᠥᠪ ᠢ ᠳᠥᠷᠪᠡᠨ ᠱᠠᠲᠤᠨ ᠳᠤ ᠪᠦᠷᠬᠦᠭᠦᠯᠪᠡ
ᠨᠡᠶᠢᠲᠡᠯᠡᠭᠰᠡᠨ ᠴᠠᠭ᠄
2021/1/5
       ︵ᠰᠤᠷᠪᠤᠯᠵᠢᠯᠠᠭᠴᠢ ᠯᠢᠶᠠᠩ ᠵᠢᠩ ᠱᠤ᠋︶ ᠨᠢᠳᠤᠨᠤᠨ ᠠᠴᠠ ᠨᠠᠭᠠᠰᠢ᠂ ᠮᠠᠨ ᠤ ᠬᠤᠲᠠ ᠨᠡᠶᠢᠭᠡᠮ ᠤᠨ ᠵᠠᠰᠠᠯᠲᠠ ᠶᠢᠨ ᠵᠠᠭᠪᠤᠷ ᠲᠤ ᠰᠢᠨ᠎ᠡ ᠶᠢ ᠡᠭᠦᠳᠴᠦ᠂ ᠣᠯᠠᠨ ᠲᠦᠮᠡᠨ ᠳᠤ ᠬᠠᠨᠳᠤᠵᠤ᠂ ᠠᠷᠠᠳ ᠢᠷᠭᠡᠳ ᠲᠤ ᠦᠢᠯᠡᠴᠢᠯᠡᠬᠦ ᠰᠢᠨ᠎ᠡ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠨ᠂ ᠬᠤᠲᠠ᠂ ᠰᠢᠶᠠᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠳᠥᠷᠪᠡᠨ ᠱᠠᠲᠤᠨ ᠤ ᠵᠥᠷᠢᠴᠡᠯ ᠮᠠᠷᠭᠤᠯᠳᠤᠭᠠᠨ ᠢ ᠰᠢᠢᠳᠪᠦᠷᠢᠯᠡᠬᠦ ᠬᠠᠮᠲᠤᠷᠠᠭᠰᠠᠨ ᠦᠢᠯᠡᠴᠢᠯᠡᠭᠡᠨ ᠤ ᠲᠥᠪ ᠢ ᠪᠠᠶᠢᠭᠤᠯᠵᠤ᠂ ︽ᠨᠢᠭᠡ ᠥᠷᠲᠡᠭᠡ ᠮᠠᠶ᠋ᠢᠭ︾ ᠤᠨ ᠵᠥᠷᠢᠴᠡᠯ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠦᠢᠯᠡᠴᠢᠯᠡᠭᠡ ᠶᠢ ᠬᠠᠩᠭᠠᠪᠠ᠃ ᠳᠥᠷᠪᠡᠨ ᠱᠠᠲᠤᠨ ᠤ ᠦᠢᠯᠡᠴᠢᠯᠡᠭᠡ ᠶᠢᠨ ᠲᠥᠪ ᠲᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠵᠢᠴᠢ ᠵᠠᠬᠢᠳᠠᠯ ᠰᠤᠷᠪᠤᠯᠵᠢᠯᠠᠭ᠎ᠠ ᠂ ᠬᠥᠮᠥᠨ ᠤ ᠬᠦᠴᠦ ᠪᠠ ᠨᠡᠶᠢᠭᠡᠮ ᠤᠨ ᠪᠠᠲᠤᠯᠠᠭ᠎ᠠ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ᠂ ᠰᠤᠷᠭᠠᠨ ᠬᠥᠮᠥᠵᠢᠯ ᠵᠡᠷᠭᠡ ᠰᠠᠯᠠᠭ᠎ᠠ ᠮᠥᠴᠢᠷ ᠢ ᠪᠠᠶᠢᠷᠢᠯᠠᠭᠤᠯᠤᠨ᠂ ᠲᠥᠪᠯᠡᠷᠡᠭᠦᠯᠦᠨ ᠠᠯᠪᠠᠯᠠᠵᠤ᠂ ᠡᠷᠴᠢᠮᠵᠢᠭᠦᠯᠦᠨ ᠬᠠᠮᠢᠶᠠᠷᠴᠤ᠂ ᠦᠢᠯᠡᠴᠢᠯᠡᠭᠡ ᠶᠢ ᠨᠢᠭᠲᠠᠷᠠᠭᠤᠯᠵᠤ᠂ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠨᠡᠶᠢᠲᠡᠯᠡᠭᠰᠡᠨ ︽ᠵᠥᠷᠢᠴᠡᠯ ᠮᠠᠷᠭᠤᠯᠳᠤᠭᠠᠨ ᠢ ᠰᠢᠢᠳᠪᠦᠷᠢᠯᠡᠬᠦ ᠬᠠᠮᠲᠤᠷᠠᠭᠰᠠᠨ ᠦᠢᠯᠡᠴᠢᠯᠡᠭᠡᠨ ᠤ ᠲᠥᠪ ᠤᠨ ᠠᠵᠢᠯᠯᠠᠭ᠎ᠠ ᠶᠢ ᠴᠢᠩᠭᠠᠳᠬᠠᠵᠤ᠂ ᠵᠥᠷᠢᠴᠡᠯ ᠮᠠᠷᠭᠤᠯᠳᠤᠭᠠᠨ ᠢ ᠣᠯᠠᠨ ᠲᠠᠯ᠎ᠠ ᠠᠴᠠ ᠰᠡᠷᠭᠡᠶᠢᠯᠡᠨ ᠵᠣᠬᠢᠴᠠᠭᠤᠯᠤᠨ ᠰᠢᠢᠳᠪᠦᠷᠢᠯᠡᠬᠦ ᠬᠠᠮᠲᠤᠷᠠᠭᠰᠠᠨ ᠦᠢᠯᠡᠴᠢᠯᠡᠭᠡᠨ ᠤ ᠪᠠᠶᠢᠭᠤᠯᠤᠯ ᠢ ᠲᠡᠭᠦᠯᠳᠡᠷᠵᠢᠭᠦᠯᠬᠦ ᠵᠢᠯᠣᠭᠤᠳᠬᠤ ᠰᠠᠨᠠᠯ︾ ᠶᠣᠰᠣᠭᠠᠷ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠬᠠᠮᠵᠢᠯᠴᠠᠨ ᠬᠥᠳᠡᠯᠦᠯᠴᠡᠵᠦ᠂ ᠣᠯᠠᠨ ᠲᠠᠯ᠎ᠠ ᠪᠠᠷ ᠵᠣᠬᠢᠴᠠᠯᠳᠤᠨ ᠵᠥᠷᠢᠴᠡᠯ ᠮᠠᠷᠭᠤᠯᠳᠤᠭᠠᠨ ᠢ ᠰᠢᠢᠳᠪᠦᠷᠢᠯᠡᠪᠡ᠃      ᠣᠳᠣ ᠪᠣᠯᠲᠠᠯ᠎ᠠ᠂ ᠪᠦᠬᠦ ᠬᠤᠲᠠ ᠳᠤ ᠬᠤᠰᠢᠭᠤ ᠰᠢᠶᠠᠨ ᠤ ᠱᠠᠲᠤᠨ ᠤ 9᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠱᠠᠲᠤᠨ ᠤ 77᠂ ᠲᠣᠰᠬᠤᠨ ︵ᠨᠡᠶᠢᠭᠡᠮ ᠲᠣᠭᠤᠷᠢᠭ︶ ᠤ ᠱᠠᠲᠤᠨ ᠤ 1142᠂ ᠨᠡᠶᠢᠲᠡ 1228  ᠪᠡᠶᠡᠲᠦ ᠵᠥᠷᠢᠴᠡᠯ ᠮᠠᠷᠭᠤᠯᠳᠤᠭᠠᠨ ᠢ ᠰᠢᠢᠳᠪᠦᠷᠢᠯᠡᠬᠦ ᠬᠠᠮᠲᠤᠷᠠᠭᠰᠠᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠲᠣᠰᠬᠤᠨ ︵ᠨᠡᠶᠢᠭᠡᠮ ᠲᠣᠭᠤᠷᠢᠭ︶ ᠢᠶᠠᠷ ᠰᠠᠭᠤᠷᠢ ᠪᠣᠯᠭᠠᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠠᠷ ᠲᠤᠯᠭᠠᠭᠤᠷᠢ ᠪᠣᠯᠭᠠᠵᠤ᠂ ᠬᠤᠰᠢᠭᠤ ᠰᠢᠶᠠᠨ ᠲᠣᠭᠤᠷᠢᠭ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠭᠤᠷᠪᠠᠨ ᠱᠠᠲᠤ ᠪᠠᠷ ᠬᠠᠮᠵᠢᠯᠴᠠᠨ ᠬᠥᠳᠡᠯᠦᠯᠴᠡᠭᠰᠡᠨ ᠵᠥᠷᠢᠴᠡᠯ ᠮᠠᠷᠭᠤᠯᠳᠤᠭᠠᠨ ᠢ ᠣᠯᠠᠨ ᠲᠠᠯ᠎ᠠ ᠠᠴᠠ ᠰᠡᠷᠭᠡᠶᠢᠯᠡᠨ ᠵᠣᠬᠢᠴᠠᠭᠤᠯᠤᠨ ᠰᠢᠢᠳᠪᠦᠷᠢᠯᠡᠬᠦ ᠬᠠᠮᠲᠤᠷᠠᠭᠰᠠᠨ ᠦᠢᠯᠡᠴᠢᠯᠡᠭᠡᠨ ᠤ ᠰᠢᠰᠲ᠋ᠧᠮᠵᠢ ᠠᠩᠬ᠎ᠠ ᠠᠯᠬᠤᠮ ᠪᠦᠷᠢᠯᠳᠦᠪᠡ᠃ ᠨᠢᠭᠡ ᠵᠢᠯ ᠤᠨ ᠠᠵᠢᠯᠯᠠᠭᠠᠨ ᠢᠶᠠᠷ ᠳᠠᠮᠵᠢᠨ᠂ ᠡᠯ᠎ᠡ ᠭᠠᠵᠠᠷ ᠣᠷᠣᠨ ᠤ ᠦᠢᠯᠡᠴᠢᠯᠡᠭᠡᠨ ᠤ ᠲᠥᠪ ᠡᠯ᠎ᠡ ᠵᠦᠢᠯ ᠤᠨ ᠵᠥᠷᠢᠴᠡᠯ ᠮᠠᠷᠭᠤᠯᠳᠤᠭᠠᠨ ᠢ 5800 ᠭᠠᠷᠤᠢ ᠬᠦᠯᠢᠶᠡᠨ ᠠᠪᠴᠤ᠂ 4700 ᠭᠠᠷᠤᠢ ᠶᠢ ᠰᠢᠢᠳᠪᠦᠷᠢᠯᠡᠨ᠂ ᠱᠠᠲᠤ ᠠᠯᠤᠰᠯᠠᠨ ᠰᠤᠷᠪᠤᠯᠵᠢᠯᠠᠬᠤ ᠬᠥᠮᠥᠨ ᠤ ᠲᠤᠭ᠎ᠠ ᠳᠡᠭᠡᠷ᠎ᠡ ᠵᠢᠯ ᠤᠳ ᠠᠴᠠ ᠶᠡᠬᠡᠪᠡᠷ ᠪᠠᠭᠤᠷᠠᠪᠠ᠃ ᠵᠥᠷᠢᠴᠡᠯ ᠢ ᠡᠶᠡᠳᠡᠭᠦᠯᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ᠂ ᠵᠠᠬᠢᠳᠠᠯ ᠰᠤᠷᠪᠤᠯᠵᠢᠯᠠᠭ᠎ᠠ ᠶᠢ ᠵᠣᠬᠢᠴᠠᠭᠤᠯᠤᠨ ᠰᠢᠢᠳᠪᠦᠷᠢᠯᠡᠬᠦ ︽ᠳᠥᠷᠪᠡ ᠶᠢ ᠨᠢᠭᠡ ᠴᠣᠭᠴᠠᠵᠢᠭᠤᠯᠬᠤ︾ ᠬᠠᠮᠲᠤᠷᠠᠭᠰᠠᠨ ᠦᠢᠯᠡᠴᠢᠯᠡᠭᠡ ᠶᠢᠨ ᠵᠠᠭᠪᠤᠷ ᠢ ᠴᠢᠩᠭᠠᠳᠬᠠᠬᠤ ᠪᠠᠷ ᠳᠠᠮᠵᠢᠭᠤᠯᠤᠨ᠂ ᠡᠯ᠎ᠡ ᠵᠦᠢᠯ ᠤᠨ ᠵᠥᠷᠢᠴᠡᠯ ᠮᠠᠷᠭᠤᠯᠳᠤᠭᠠᠨ ᠢ ᠪᠦᠬᠦ ᠬᠦᠴᠦᠨ ᠢᠶᠠᠷ ᠢᠶᠠᠨ ᠡᠶᠡᠳᠡᠭᠦᠯᠦᠨ ᠰᠢᠢᠳᠪᠦᠷᠢᠯᠡᠵᠦ᠂ ᠲᠥᠪ ᠬᠤᠲᠠ ᠶᠢᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ ᠢ ᠢᠯᠡᠳᠲᠡ ᠳᠡᠭᠡᠭᠰᠢᠯᠡᠭᠦᠯᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号