ᠬᠥᠬᠡᠬᠤᠲᠠ ᠶᠢᠨ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠪᠠ ᠰᠠᠭᠤᠭᠠᠯᠢ ᠠᠷᠠᠳ ᠤᠨ ᠡᠮᠴᠢᠯᠡᠭᠡ ᠶᠢᠨ ᠪᠠᠲᠤᠯᠠᠭ᠎ᠠ ᠶᠢᠨ ᠴᠠᠬᠢᠮ ᠪᠠᠲᠤᠯᠠᠪᠤᠷᠢ ᠬᠡᠷᠡᠭᠯᠡᠭᠡᠨ ᠳᠤ ᠣᠷᠣᠪᠠ
ᠨᠡᠶᠢᠲᠡᠯᠡᠭᠰᠡᠨ ᠴᠠᠭ᠄
2021/1/5
      ᠬᠥᠬᠡᠬᠤᠲᠠ ᠶᠢᠨ ᠣᠷᠣᠢ ᠶᠢᠨ ᠰᠣᠨᠢᠨ ᠤ ᠮᠡᠳᠡᠭᠡ ︵ᠰᠤᠷᠪᠤᠯᠵᠢᠯᠠᠭᠴᠢ ᠢᠦᠢ ᠶᠠ ᠵᠢᠶᠦ᠋ᠨ︶ 1 ᠳ᠋ᠦ᠋ᠭᠡᠷ ᠰᠠᠷ᠎ᠠ ᠶᠢᠨ4 ᠤ ᠡᠳᠦᠷ᠂ ᠬᠥᠬᠡᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ  ᠣᠶᠢᠯᠠᠭᠠᠭᠰᠠᠨ ᠢᠶᠠᠷ᠂ ᠬᠥᠬᠡᠬᠤᠲᠠ ᠶᠢᠨ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠪᠠ ᠰᠠᠭᠤᠭᠠᠯᠢ ᠠᠷᠠᠳ ᠤᠨ ᠡᠮᠴᠢᠯᠡᠭᠡ ᠶᠢᠨ ᠪᠠᠲᠤᠯᠠᠭ᠎ᠠ ᠶᠢᠨ ᠴᠠᠬᠢᠮ ᠪᠠᠲᠤᠯᠠᠪᠤᠷᠢ ᠬᠡᠷᠡᠭᠯᠡᠭᠡᠨ ᠳᠤ ᠣᠷᠣᠵᠤ᠂ ᠥᠷᠭᠡᠨ ᠣᠯᠠᠨ ᠬᠤᠲᠠ ᠶᠢᠨ ᠠᠷᠠᠳ ᠣᠳᠣ ᠪᠠᠷ ᠠᠮᠢᠯᠠᠭᠤᠯᠤᠨ ᠬᠡᠷᠡᠭᠯᠡᠵᠦ ᠪᠣᠯᠣᠨ᠎ᠠ᠂ ᠬᠤᠵᠢᠮ ᠡᠮᠴᠢᠯᠡᠭᠡ ᠶᠢᠨ ᠪᠠᠲᠤᠯᠠᠭ᠎ᠠ ᠶᠢᠨ ᠴᠠᠬᠢᠮ ᠪᠠᠲᠤᠯᠠᠪᠤᠷᠢ ᠶᠢ ᠡᠮᠨᠡᠯᠭᠡ ᠶᠢᠨ ᠬᠤᠷᠢᠶ᠎ᠠ ᠪᠠ ᠡᠮ ᠤᠨ ᠳᠡᠯᠭᠡᠭᠦᠷ ᠲᠤ ᠰᠢᠷᠪᠢᠭᠦᠯᠦᠨ ᠮᠥᠩᠭᠦ ᠪᠠᠨ ᠲᠥᠯᠥᠵᠦ ᠪᠣᠯᠣᠨ᠎ᠠ᠃      ᠲᠠᠨᠢᠯᠴᠠᠭᠤᠯᠤᠭᠰᠠᠨ ᠢᠶᠠᠷ᠂ ᠡᠮᠴᠢᠯᠡᠭᠡ ᠶᠢᠨ ᠪᠠᠲᠤᠯᠠᠭ᠎ᠠ ᠶᠢᠨ ᠴᠠᠬᠢᠮ ᠪᠠᠲᠤᠯᠠᠪᠤᠷᠢ ᠪᠣᠯ ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠨᠢᠭᠡᠳᠦᠯᠲᠡᠢ ᠪᠠᠷᠢᠮᠵᠢᠶ᠎ᠠ ᠲᠣᠭᠲᠠᠭᠠᠵᠤ᠂ ᠤᠯᠤᠰ ᠤᠨ ᠡᠮᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠠᠴᠠ ᠨᠢᠭᠡᠳᠦᠯᠲᠡᠢ ᠲᠠᠷᠬᠠᠭᠠᠵᠤ᠂ ᠳᠠᠭᠠᠳᠬᠠᠯ ᠳᠤ ᠣᠷᠣᠯᠴᠠᠭᠰᠠᠨ ᠬᠥᠮᠥᠰ ᠲᠤ ᠣᠯᠭᠤᠭᠰᠠᠨ ᠪᠦᠬᠦ ᠤᠯᠤᠰ ᠤᠨ ᠴᠣᠷ ᠤᠨ ᠭᠠᠭᠴᠠ ᠰᠦᠯᠵᠢᠶᠡᠨ ᠳᠡᠭᠡᠷᠡᠬᠢ ᠡᠮᠴᠢᠯᠡᠭᠡ ᠶᠢᠨ ᠪᠠᠲᠤᠯᠠᠭ᠎ᠠ ᠶᠢᠨ ᠪᠡᠶ᠎ᠡ ᠶᠢᠨ ᠭᠠᠷᠤᠯ ᠤᠨ ᠭᠡᠷᠡᠴᠢ ᠪᠣᠯᠣᠨ᠎ᠠ᠂ ᠡᠮᠴᠢᠯᠡᠭᠡ ᠶᠢᠨ ᠪᠠᠲᠤᠯᠠᠭ᠎ᠠ ᠶᠢᠨ ᠦᠨᠳᠦᠰᠦᠨ ᠮᠡᠳᠡᠭᠡ ᠵᠠᠩᠭᠢ ᠶᠢᠨ ᠬᠥᠮᠥᠷᠭᠡ ᠳᠤ ᠰᠠᠭᠤᠷᠢᠯᠠᠭᠰᠠᠨ ᠳᠠᠭᠠᠳᠬᠠᠯ ᠳᠤ ᠣᠷᠣᠯᠴᠠᠭᠰᠠᠨ ᠪᠦᠬᠦ ᠬᠥᠮᠥᠰ ᠲᠤ ᠣᠯᠭᠤᠭᠰᠠᠨ ᠡᠮᠴᠢᠯᠡᠭᠡ ᠶᠢᠨ ᠪᠠᠲᠤᠯᠠᠭ᠎ᠠ ᠶᠢᠨ ᠪᠡᠶ᠎ᠡ ᠶᠢᠨ ᠭᠠᠷᠤᠯ ᠢ ᠲᠠᠨᠢᠬᠤ ᠴᠠᠬᠢᠮ ᠵᠠᠭᠤᠴᠢ ᠪᠣᠯᠣᠨ᠎ᠠ᠃ ᠡᠮᠴᠢᠯᠡᠭᠡ ᠶᠢᠨ ᠪᠠᠲᠤᠯᠠᠭ᠎ᠠ ᠶᠢᠨ ᠴᠠᠬᠢᠮ ᠪᠠᠲᠤᠯᠠᠪᠤᠷᠢ ᠪᠣᠯ ᠦᠨᠡᠨ ᠨᠡᠷ᠎ᠡ ᠦᠨᠡᠨ ᠬᠥᠮᠥᠨ ᠢ ᠢᠯᠭᠠᠨ ᠲᠠᠨᠢᠬᠤ ᠮᠡᠷᠭᠡᠵᠢᠯ ᠢ ᠬᠡᠷᠡᠭᠯᠡᠵᠦ᠂ ᠨᠢᠭᠤᠴᠠᠯᠠᠨ ᠪᠣᠳᠣᠬᠤ ᠠᠷᠭ᠎ᠠ ᠶᠢ ᠬᠡᠷᠡᠭᠯᠡᠨ ᠬᠢᠭᠰᠡᠨ ᠴᠠᠬᠢᠮ ᠲᠡᠮᠳᠡᠭ ᠪᠠᠶᠢᠵᠤ᠂ ᠠᠶᠤᠯᠭᠦᠢ ᠨᠠᠶᠢᠳᠠᠪᠤᠷᠢ ᠲᠠᠢ᠂ ᠴᠣᠷ ᠤᠨ ᠭᠠᠭᠴᠠ ᠴᠢᠨᠠᠷ ᠢ ᠢᠯᠭᠠᠨ ᠲᠠᠨᠢᠬᠤ ᠵᠡᠷᠭᠡ ᠴᠢᠬᠤᠯᠠ ᠣᠨᠴᠠᠯᠢᠭ ᠲᠠᠢ᠃ ᠳᠠᠭᠠᠳᠬᠠᠯ ᠳᠤ ᠣᠷᠣᠯᠴᠠᠭᠰᠠᠨ ᠬᠥᠮᠥᠨ ᠡᠮᠴᠢᠯᠡᠭᠡ ᠶᠢᠨ ᠪᠠᠲᠤᠯᠠᠭ᠎ᠠ ᠶᠢᠨ ᠴᠠᠬᠢᠮ ᠪᠠᠲᠤᠯᠠᠪᠤᠷᠢ‌‍ᠶᠢ ᠬᠡᠷᠡᠭᠯᠡᠨ ᠡᠮᠴᠢᠯᠡᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠡᠮᠴᠢᠯᠡᠭᠡᠨ ᠤ ᠳᠠᠭᠠᠳᠬᠠᠯ ᠤᠨ ᠳᠠᠩᠰᠠ ᠪᠠᠨ ᠪᠠᠶᠢᠴᠠᠭᠠᠵᠤ ᠦᠵᠡᠬᠦ᠂ ᠡᠮᠴᠢᠯᠡᠭᠡ ᠶᠢᠨ ᠪᠠᠲᠤᠯᠠᠭ᠎ᠠ ᠪᠠᠷ ᠡᠮᠴᠢᠯᠡᠭᠦᠯᠬᠦ ᠪᠠ ᠡᠮ ᠬᠤᠳᠠᠯᠳᠤᠨ ᠠᠪᠬᠤ ᠵᠡᠷᠭᠡ ᠡᠯ᠎ᠡ ᠵᠦᠢᠯ ᠤᠨ ᠰᠦᠯᠵᠢᠶᠡᠨ ᠳᠡᠭᠡᠷᠡᠬᠢ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡ ᠶᠢ ᠬᠦᠷᠲᠡᠵᠦ ᠪᠣᠯᠣᠨ᠎ᠠ᠃      ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠡᠮᠴᠢᠯᠡᠭᠡ ᠶᠢᠨ ᠪᠠᠲᠤᠯᠠᠭ᠎ᠠ ᠶᠢᠨ ᠴᠠᠬᠢᠮ ᠪᠠᠲᠤᠯᠠᠪᠤᠷᠢ ᠨᠢ ᠮᠠᠰᠢ ᠣᠯᠠᠨ ᠳᠠᠪᠠᠭᠤᠯᠢᠭ ᠲᠠᠯ᠎ᠠ ᠲᠠᠢ᠂ ᠡᠮᠴᠢᠯᠡᠭᠡ ᠶᠢᠨ ᠪᠠᠲᠤᠯᠠᠭ᠎ᠠ ᠶᠢᠨ ᠴᠠᠬᠢᠮ ᠪᠠᠲᠤᠯᠠᠪᠤᠷᠢ ᠨᠢ ᠪᠡᠶᠡᠲᠦ ᠺᠠᠷᠲ ᠲᠤ ᠲᠦᠰᠢᠭᠯᠡᠬᠦ ᠦᠭᠡᠢ᠂ ᠳᠠᠭᠠᠳᠬᠠᠯ ᠳᠤ ᠣᠷᠣᠯᠴᠠᠭᠰᠠᠨ ᠬᠥᠮᠥᠨ ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ APP᠂ ᠡᠰᠡᠬᠦᠯ᠎ᠡ ᠸᠢᠴᠠᠲ᠂ ᡁᠢ ᠹᠦ᠋ ᠪᠣᠣ ᠵᠡᠷᠭᠡ ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠵᠥᠪᠰᠢᠶᠡᠷᠡᠭᠰᠡᠨ ᠭᠤᠷᠪᠠᠳᠠᠬᠢ ᠡᠲᠡᠭᠡᠳ ᠤᠨ ᠠᠷᠭ᠎ᠠ ᠵᠠᠮ ᠢᠶᠠᠷ ᠠᠮᠢᠯᠠᠭᠤᠯᠤᠨ ᠬᠡᠷᠡᠭᠯᠡᠵᠦ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号