ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ ᠰᠤᠷᠪᠤᠯᠵᠢᠯᠠᠭᠴᠢ 1 ᠰᠠᠷ᠎ᠠ ᠶᠢᠨ 3 ᠤ ᠡᠳᠦᠷ ᠬᠤᠲᠠ ᠶᠢᠨ | ᠲᠠᠪᠤᠨ ᠳᠠᠭᠠᠳᠬᠠᠯ ᠢ ᠬᠢᠨᠠᠨ ᠲᠣᠭᠲᠠᠭᠠᠵᠤ ᠬᠠᠷᠭᠤᠭᠤᠯᠤᠨ ᠬᠢᠨᠠᠬᠤ ᠲᠥᠪ ᠠᠴᠠ ᠣᠶᠢᠯᠠᠭᠠᠭᠰᠠᠨ ᠢᠶᠠᠷ᠂ ᠮᠠᠨ ᠤ ᠬᠤᠲᠠ ᠶᠢᠨ 2021 ᠣᠨ ᠤ | ᠳᠠᠭᠠᠳᠬᠠᠯ ᠳᠤ ᠣᠷᠣᠯᠴᠠᠭᠰᠠᠨ ᠨᠢᠭᠡᠴᠡ ᠶᠢᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠴᠠᠯᠢᠩ ᠢ ᠭᠤᠶᠤᠴᠢᠯᠠᠨ ᠮᠡᠳᠡᠭᠦᠯᠬᠦ ᠠᠵᠢᠯ 1 | ᠰᠠᠷ᠎ᠠ ᠶᠢᠨ 1 ᠤ ᠡᠳᠦᠷ ᠠᠴᠠ ᠡᠬᠢᠯᠡᠪᠠ᠃ ᠳᠠᠭᠠᠳᠬᠠᠯ ᠳᠤ ᠣᠷᠣᠯᠴᠠᠭᠰᠠᠨ ᠨᠢᠭᠡᠴᠡ ᠨᠢ ᠡᠷᠬᠡᠪᠰᠢ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ᠶᠢᠨ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠦᠯᠵᠢᠶᠡᠨ ᠳᠡᠭᠡᠷᠡᠬᠢ ᠠᠵᠢᠯ ᠶᠠᠪᠤᠳᠠᠯ ᠭᠦᠢᠴᠡᠳᠬᠡᠬᠦ ᠲᠢᠩᠬᠢᠮ︾ ᠢᠶᠠᠷ ᠳᠡᠮᠵᠢᠨ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ ᠬᠡᠷᠡᠭᠲᠡᠶ᠃ | ᠣᠶᠢᠯᠠᠭᠠᠭᠰᠠᠨ ᠢᠶᠠᠷ᠂ ᠨᠢᠭᠡᠴᠡ ᠶᠢᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠴᠠᠯᠢᠩ ᠢ ᠭᠤᠶᠤᠴᠢᠯᠠᠨ ᠮᠡᠳᠡᠭᠦᠯᠬᠦ ᠲᠠᠯ᠎ᠠ ᠪᠠᠷ᠂ | ᠳᠠᠭᠠᠳᠬᠠᠯ ᠳᠤ ᠣᠷᠣᠯᠴᠠᠭᠰᠠᠨ ᠨᠢᠭᠡᠴᠡ ᠨᠢ ᠡᠷᠬᠡᠪᠰᠢ 1 ᠰᠠᠷ᠎ᠠ ᠶᠢᠨ 1 ᠤ ᠡᠳᠦᠷ ᠠᠴᠠ 31 ᠤ ᠡᠳᠦᠷ ᠤᠨ ᠬᠤᠭᠤᠷᠣᠨᠳᠣ ᠬᠤᠲᠠ ᠶᠢᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ᠶᠢᠨ ︽ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠦᠯᠵᠢᠶᠡᠨ ᠳᠡᠭᠡᠷᠡᠬᠢ ᠠᠵᠢᠯ ᠶᠠᠪᠤᠳᠠᠯ ᠬᠦᠢᠴᠡᠳᠭᠡᠭᠦ ᠲᠢᠩᠬᠢᠮ︾ ᠭᠡᠭᠦ ᠨᠢᠭᠡᠴᠡ ᠶᠢᠨ ᠰᠦᠯᠵᠢᠶᠡᠨ ᠲᠢᠩᠬᠢᠮ ᠤᠨ ︽ | ᠨᠢᠭᠡᠴᠡ ᠶᠢᠨ ᠳᠠᠭᠠᠳᠬᠠᠯ ᠳᠤ ᠣᠷᠣᠯᠴᠠᠭᠰᠠᠨ ᠠᠵᠢᠯᠳᠠᠨ ᠠᠵᠢᠯᠴᠢᠨ ᠤ ᠴᠠᠯᠢᠩ ᠢ ᠭᠤᠶᠤᠴᠢᠯᠠᠨ ᠮᠡᠳᠡᠭᠦᠯᠬᠦ︾ ᠪᠤᠯᠤᠩ ᠢᠶᠠᠷ ᠳᠠᠮᠵᠢᠭᠤᠯᠤᠨ ᠨᠢᠭᠡᠴᠡ ᠶᠢᠨ | ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠴᠠᠯᠢᠩ ᠢ ᠭᠤᠶᠤᠴᠢᠯᠠᠨ ᠮᠡᠳᠡᠭᠦᠯᠬᠦ ᠬᠡᠷᠡᠭᠲᠡᠶ᠃ ᠲᠣᠭᠲᠠᠭᠰᠠᠨ ᠴᠠᠭ ᠤᠨ ᠳᠣᠲᠣᠷ᠎ᠠ ᠮᠡᠳᠡᠭᠦᠯᠦᠨ | ᠲᠤᠰᠢᠶᠠᠭᠰᠠᠨ ᠥᠬᠡᠶ ᠳᠠᠭᠠᠳᠬᠠᠯ ᠳᠤ ᠣᠷᠣᠯᠴᠠᠭᠰᠠᠨ ᠨᠢᠭᠡᠴᠡ ᠶᠢ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠴᠠᠯᠢᠩ ᠳᠤ ᠬᠤᠪᠢᠷᠠᠯᠲᠠ | ᠭᠠᠷᠤᠬᠰᠠᠨ ᠥᠬᠡᠶ ᠭᠡᠵᠦ ᠦᠵᠡᠵᠦ᠂ ᠦᠷᠭᠦᠯᠵᠢᠯᠡᠨ ᠳᠡᠭᠡᠷ᠎ᠡ ᠵᠢᠯ ᠤᠨ ᠮᠡᠳᠡᠭᠦᠯᠦᠭᠰᠡᠨ ᠴᠠᠯᠢᠩ ᠢᠶᠠᠷ ᠬᠡᠷᠡᠭᠵᠢᠭᠦᠯᠦᠨ᠎ᠡ᠃ ᠨᠢᠭᠡᠴᠡ ᠶᠢᠨ ᠳᠠᠭᠠᠳᠬᠠᠯ ᠳᠤ | ᠣᠷᠣᠯᠴᠠᠭᠰᠠᠨ ᠠᠵᠢᠯᠲᠠᠨ ᠠᠵᠢᠯᠴᠢᠨ ᠤ ᠨᠡᠮᠡᠭᠳᠡᠵᠦ ᠬᠠᠰᠤᠬᠳᠠᠬᠰᠠᠨ ᠢ ᠭᠤᠶᠤᠴᠢᠯᠠᠨ ᠮᠡᠳᠡᠭᠦᠯᠬᠦ ᠲᠠᠯ᠎ᠠ ᠪᠠᠷ᠂ ᠳᠠᠭᠠᠳᠬᠠᠯ ᠳᠤ ᠣᠷᠣᠯᠴᠠᠭᠰᠠᠨ ᠨᠢᠭᠡᠴᠡ | ᠡᠷᠬᠡᠪᠰᠢ ᠰᠠᠷ᠎ᠠ ᠪᠦᠷᠢ ᠶᠢᠨ 20 ᠤ ᠡᠳᠦᠷ ᠠᠴᠠ ᠡᠮᠦᠨ᠎ᠡ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ ᠠᠯᠪᠠᠨ ᠰᠦᠯᠵᠢᠶ᠎ᠡ ᠶᠢᠨ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠦᠯᠵᠢᠶᠡᠨ ᠳᠡᠭᠡᠷᠡᠬᠢ ᠠᠵᠢᠯ | ᠶᠠᠪᠤᠳᠠᠯ ᠭᠦᠢᠴᠡᠳᠬᠡᠬᠦ ᠲᠢᠩᠬᠢᠮ︾ ᠭᠡᠭᠦ ᠨᠢᠭᠡᠴᠡ ᠶᠢᠨ ᠰᠦᠯᠵᠢᠶᠡᠨ ᠲᠢᠩᠬᠢᠮ ᠤᠨ ︽ᠨᠢᠭᠡᠴᠡ ᠶᠢᠨ ᠠᠵᠢᠯᠲᠠᠨ ᠠᠵᠢᠯᠴᠢᠨ ᠤ ᠰᠢᠨ᠎ᠡ ᠪᠠᠷ ᠨᠡᠮᠡᠭᠳᠡᠭᠦᠯᠬᠦ ᠪᠠᠷ | ᠭᠤᠶᠤᠴᠢᠯᠠᠨ ᠮᠡᠳᠡᠭᠦᠯᠬᠦ ︵ᠭᠤᠷᠪᠠᠨ ᠵᠦᠢᠯ ᠤᠨ ᠬᠠᠮᠵᠢᠯᠴᠠᠭ᠎ᠠ︶︾ ᠪᠤᠯᠤᠩ ᠪᠠ ︽ᠨᠢᠭᠡᠴᠡ ᠶᠢᠨ ᠠᠵᠢᠯᠲᠠᠨ ᠠᠵᠢᠯᠴᠢᠨ ᠤ ᠬᠠᠰᠤᠬᠤ ᠪᠠᠷ ᠭᠤᠶᠤᠴᠢᠯᠠᠨ | ᠮᠡᠳᠡᠭᠦᠯᠬᠦ ︵ᠭᠤᠷᠪᠠᠨ ᠵᠦᠢᠯ ᠤᠨ ᠬᠠᠮᠵᠢᠯᠴᠠᠭ᠎ᠠ︶︾ ᠪᠤᠯᠤᠩ ᠢᠶᠠᠷ ᠳᠠᠮᠵᠢᠭᠤᠯᠤᠨ ᠨᠢᠭᠡᠴᠡ ᠶᠢᠨ ᠠᠵᠢᠯᠲᠠᠨ ᠠᠵᠢᠯᠴᠢᠨ ᠤ ᠨᠡᠮᠡᠭᠳᠡᠵᠦ ᠬᠠᠰᠤᠭᠳᠠᠬᠤ ᠪᠠᠷ | ᠭᠤᠶᠤᠴᠢᠯᠠᠨ ᠮᠡᠳᠡᠭᠦᠯᠬᠦ ᠶᠢ ᠪᠡᠶᠡᠯᠡᠭᠦᠯᠵᠦ᠂ ᠲᠣᠭᠲᠠᠭᠰᠠᠨ ᠴᠠᠭ ᠤᠨ ᠳᠣᠲᠣᠷ᠎ᠠ ᠠᠵᠢᠯᠲᠠᠨ ᠠᠵᠢᠯᠴᠢᠨ ᠤ ᠨᠡᠮᠡᠭᠳᠡᠵᠦ ᠬᠠᠰᠤᠭᠳᠠᠬᠤ ᠪᠠᠷ ᠭᠤᠶᠤᠴᠢᠯᠠᠨ | ᠮᠡᠳᠡᠭᠦᠯᠬᠦ ᠶᠢ ᠲᠤᠰᠢᠶᠠᠭᠰᠠᠨ ᠥᠬᠡᠶ ᠨᠢᠭᠡᠴᠡ ᠶᠢ ᠲᠤᠬᠠᠶ ᠶᠢᠨ ᠰᠠᠷ᠎ᠠ ᠳᠤ ᠠᠵᠢᠯᠲᠠᠨ ᠠᠵᠢᠯᠴᠢᠨ ᠤ ᠨᠡᠮᠡᠭᠳᠡᠵᠦ ᠬᠠᠰᠤᠭᠳᠠᠬᠤ ᠬᠤᠪᠢᠷᠠᠯᠲᠠ ᠭᠠᠷᠤᠭᠰᠠᠨ | ᠥᠬᠡᠶ ᠪᠠᠷ ᠦᠵᠡᠨ᠎ᠡ᠃ | ᠮᠠᠨ ᠤ ᠬᠤᠲᠠ ᠠᠴᠠ᠂ ᠪᠣᠳᠠᠲᠠᠶ ᠭᠤᠶᠤᠴᠢᠯᠠᠨ ᠮᠡᠳᠡᠭᠦᠯᠬᠦ ᠠᠯᠬᠤᠮ ᠶᠠᠪᠤᠴᠠ᠂ ᠴᠢᠬᠤᠯᠠ ᠨᠥᠬᠦᠴᠡᠯ ᠵᠢᠴᠢ ᠠᠩᠬᠠᠷᠬᠤ ᠵᠦᠢᠯᠡᠰ ᠢ ᠭᠤᠶᠤᠴᠢᠯᠠᠨ ᠮᠡᠳᠡᠭᠦᠯᠬᠦ | ᠨᠢᠭᠤᠷ ᠬᠠᠭᠤᠳᠠᠰᠤᠨ ᠳᠠᠬᠢ ᠭᠤᠶᠤᠴᠢᠯᠠᠨ ᠮᠡᠳᠡᠭᠦᠯᠬᠦ ᠪᠤᠯᠤᠩ ᠠᠴᠠ ᠪᠠᠭᠤᠯᠭᠠᠨ ᠠᠪᠴᠤ ᠪᠠᠶᠢᠴᠠᠭᠠᠨ ᠦᠵᠡᠵᠦ ᠪᠣᠯᠤᠨ᠎ᠠ᠂ ᠳᠠᠭᠠᠳᠬᠠᠯ ᠳᠤ ᠣᠷᠣᠯᠴᠠᠭᠰᠠᠨ | ᠨᠢᠭᠡᠴᠡ ᠨᠢ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠴᠠᠯᠢᠩ ᠵᠢᠴᠢ ᠠᠵᠢᠯᠲᠠᠨ ᠠᠵᠢᠯᠴᠢᠨ ᠤ ᠪᠠᠨ ᠨᠡᠮᠡᠭᠳᠡᠯ ᠬᠠᠰᠤᠭᠳᠠᠯ ᠢ ᠲᠣᠭᠲᠠᠭᠰᠠᠨ | ᠬᠤᠭᠤᠴᠠᠭᠠᠨ ᠳᠣᠲᠣᠷ᠎ᠠ ᠨᠠᠷᠢᠨ ᠬᠢᠨᠠᠮᠠᠭᠠᠶ ᠭᠤᠶᠤᠴᠢᠯᠠᠨ ᠮᠡᠳᠡᠭᠦᠯᠬᠦ ᠬᠡᠷᠡᠭᠲᠡᠶ᠂ ᠬᠡᠷᠪᠡ ᠴᠠᠭ ᠲᠤᠬᠠᠶ ᠳᠤᠨᠢ ᠲᠤᠭ᠎ᠠ ᠶᠣᠰᠣᠭᠠᠷ ᠨᠢ ᠮᠡᠳᠡᠭᠦᠯᠦᠭᠰᠡᠨ ᠥᠬᠡᠶ ᠪᠣᠯ | ᠦᠷ᠎ᠠ ᠳ᠋ᠦᠡᠭ ᠢ ᠳᠠᠭᠠᠳᠬᠠᠯ ᠳᠤ ᠣᠷᠣᠯᠴᠠᠭᠰᠠᠨ ᠨᠢᠭᠡᠴᠡ ᠥᠪᠡᠰᠦᠪᠡᠨ ᠡᠭᠦᠷᠭᠡᠯᠡᠬᠦ ᠬᠡᠷᠡᠭᠲᠡᠢ ᠭᠡᠵᠦ ᠲᠤᠳᠤᠷᠬᠠᠢ ᠲᠤᠬᠳᠠᠭᠠᠪᠠ᠃ | http://mongol.people.com.cn/15834282.html |