︵ᠰᠤᠷᠪᠤᠯᠵᠢᠯᠠᠭᠴᠢ ᠯᠢᠶᠠᠩ ᠵᠢᠩ ᠱᠤ᠋︶ ᠨᠢᠳᠤᠨᠤᠨ ᠠᠴᠠ ᠨᠠᠭᠠᠰᠢ᠂ ᠮᠠᠨ ᠤ ᠬᠤᠲᠠ ᠨᠡᠶᠢᠭᠡᠮ ᠤᠨ ᠵᠠᠰᠠᠯᠲᠠ ᠶᠢᠨ ᠵᠠᠭᠪᠤᠷ ᠲᠤ ᠰᠢᠨ᠎ᠡ ᠶᠢ | ᠡᠭᠦᠳᠴᠦ᠂ ᠣᠯᠠᠨ ᠲᠦᠮᠡᠨ ᠳᠤ ᠬᠠᠨᠳᠤᠵᠤ᠂ ᠠᠷᠠᠳ ᠢᠷᠭᠡᠳ ᠲᠤ ᠦᠢᠯᠡᠴᠢᠯᠡᠬᠦ ᠰᠢᠨ᠎ᠡ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠨ᠂ ᠬᠤᠲᠠ᠂ | ᠰᠢᠶᠠᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠳᠥᠷᠪᠡᠨ ᠱᠠᠲᠤᠨ ᠤ ᠵᠥᠷᠢᠴᠡᠯ ᠮᠠᠷᠭᠤᠯᠳᠤᠭᠠᠨ ᠢ | ᠰᠢᠢᠳᠪᠦᠷᠢᠯᠡᠬᠦ ᠬᠠᠮᠲᠤᠷᠠᠭᠰᠠᠨ ᠦᠢᠯᠡᠴᠢᠯᠡᠭᠡᠨ ᠤ ᠲᠥᠪ ᠢ ᠪᠠᠶᠢᠭᠤᠯᠵᠤ᠂ ︽ᠨᠢᠭᠡ ᠥᠷᠲᠡᠭᠡ ᠮᠠᠶ᠋ᠢᠭ︾ ᠤᠨ ᠵᠥᠷᠢᠴᠡᠯ ᠮᠠᠷᠭᠤᠯᠳᠤᠭᠠᠨ ᠢ ᠡᠶᠡᠳᠡᠭᠦᠯᠦᠨ | ᠰᠢᠢᠳᠪᠦᠷᠢᠯᠡᠬᠦ ᠦᠢᠯᠡᠴᠢᠯᠡᠭᠡ ᠶᠢ ᠬᠠᠩᠭᠠᠪᠠ᠃ ᠳᠥᠷᠪᠡᠨ ᠱᠠᠲᠤᠨ ᠤ ᠦᠢᠯᠡᠴᠢᠯᠡᠭᠡ ᠶᠢᠨ ᠲᠥᠪ ᠲᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ | ᠵᠢᠴᠢ ᠵᠠᠬᠢᠳᠠᠯ ᠰᠤᠷᠪᠤᠯᠵᠢᠯᠠᠭ᠎ᠠ᠂ ᠬᠥᠮᠥᠨ ᠤ ᠬᠦᠴᠦ ᠪᠠ ᠨᠡᠶᠢᠭᠡᠮ ᠤᠨ ᠪᠠᠲᠤᠯᠠᠭ᠎ᠠ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ᠂ ᠰᠤᠷᠭᠠᠨ ᠬᠥᠮᠥᠵᠢᠯ ᠵᠡᠷᠭᠡ | ᠰᠠᠯᠠᠭ᠎ᠠ ᠮᠥᠴᠢᠷ ᠢ ᠪᠠᠶᠢᠷᠢᠯᠠᠭᠤᠯᠤᠨ᠂ ᠲᠥᠪᠯᠡᠷᠡᠭᠦᠯᠦᠨ ᠠᠯᠪᠠᠯᠠᠵᠤ᠂ ᠡᠷᠴᠢᠮᠵᠢᠭᠦᠯᠦᠨ ᠬᠠᠮᠢᠶᠠᠷᠴᠤ᠂ ᠦᠢᠯᠡᠴᠢᠯᠡᠭᠡ ᠶᠢ ᠨᠢᠭᠲᠠᠷᠠᠭᠤᠯᠵᠤ᠂ ᠬᠤᠲᠠ ᠶᠢᠨ | ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠨᠡᠶᠢᠲᠡᠯᠡᠭᠰᠡᠨ ︽ᠵᠥᠷᠢᠴᠡᠯ ᠮᠠᠷᠭᠤᠯᠳᠤᠭᠠᠨ ᠢ ᠰᠢᠢᠳᠪᠦᠷᠢᠯᠡᠬᠦ ᠬᠠᠮᠲᠤᠷᠠᠭᠰᠠᠨ ᠦᠢᠯᠡᠴᠢᠯᠡᠭᠡᠨ ᠤ | ᠲᠥᠪ ᠤᠨ ᠠᠵᠢᠯᠯᠠᠭ᠎ᠠ ᠶᠢ ᠴᠢᠩᠭᠠᠳᠬᠠᠵᠤ᠂ ᠵᠥᠷᠢᠴᠡᠯ ᠮᠠᠷᠭᠤᠯᠳᠤᠭᠠᠨ ᠢ ᠣᠯᠠᠨ ᠲᠠᠯ᠎ᠠ ᠠᠴᠠ ᠰᠡᠷᠭᠡᠶᠢᠯᠡᠨ ᠵᠣᠬᠢᠴᠠᠭᠤᠯᠤᠨ ᠰᠢᠢᠳᠪᠦᠷᠢᠯᠡᠬᠦ ᠬᠠᠮᠲᠤᠷᠠᠭᠰᠠᠨ | ᠦᠢᠯᠡᠴᠢᠯᠡᠭᠡᠨ ᠤ ᠪᠠᠶᠢᠭᠤᠯᠤᠯ ᠢ ᠲᠡᠭᠦᠯᠳᠡᠷᠵᠢᠭᠦᠯᠬᠦ ᠵᠢᠯᠣᠭᠤᠳᠬᠤ ᠰᠠᠨᠠᠯ︾ ᠶᠣᠰᠣᠭᠠᠷ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ | ᠬᠠᠮᠵᠢᠯᠴᠠᠨ ᠬᠥᠳᠡᠯᠦᠯᠴᠡᠵᠦ᠂ ᠣᠯᠠᠨ ᠲᠠᠯ᠎ᠠ ᠪᠠᠷ ᠵᠣᠬᠢᠴᠠᠯᠳᠤᠨ ᠵᠥᠷᠢᠴᠡᠯ ᠮᠠᠷᠭᠤᠯᠳᠤᠭᠠᠨ ᠢ ᠰᠢᠢᠳᠪᠦᠷᠢᠯᠡᠪᠡ᠃ | ᠣᠳᠣ ᠪᠣᠯᠲᠠᠯ᠎ᠠ᠂ ᠪᠦᠬᠦ ᠬᠤᠲᠠ ᠳᠤ ᠬᠤᠰᠢᠭᠤ ᠰᠢᠶᠠᠨ ᠤ ᠱᠠᠲᠤᠨ ᠤ 9᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠱᠠᠲᠤᠨ ᠤ 77᠂ | ᠲᠣᠰᠬᠤᠨ ︵ᠨᠡᠶᠢᠭᠡᠮ ᠲᠣᠭᠤᠷᠢᠭ︶ ᠤ ᠱᠠᠲᠤᠨ ᠤ 1142᠂ ᠨᠡᠶᠢᠲᠡ 1228 ᠪᠡᠶᠡᠲᠦ ᠵᠥᠷᠢᠴᠡᠯ ᠮᠠᠷᠭᠤᠯᠳᠤᠭᠠᠨ ᠢ ᠰᠢᠢᠳᠪᠦᠷᠢᠯᠡᠬᠦ ᠬᠠᠮᠲᠤᠷᠠᠭᠰᠠᠨ | ᠦᠢᠯᠡᠴᠢᠯᠡᠭᠡᠨ ᠤ ᠲᠥᠪ ᠢ ᠪᠠᠶᠢᠭᠤᠯᠵᠤ᠂ ᠲᠣᠰᠬᠤᠨ ︵ᠨᠡᠶᠢᠭᠡᠮ ᠲᠣᠭᠤᠷᠢᠭ︶ ᠢᠶᠠᠷ ᠰᠠᠭᠤᠷᠢ ᠪᠣᠯᠭᠠᠨ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠠᠷ | ᠲᠤᠯᠭᠠᠭᠤᠷᠢ ᠪᠣᠯᠭᠠᠵᠤ᠂ ᠬᠤᠰᠢᠭᠤ ᠰᠢᠶᠠᠨ ᠲᠣᠭᠤᠷᠢᠭ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠭᠤᠷᠪᠠᠨ ᠱᠠᠲᠤ ᠪᠠᠷ ᠬᠠᠮᠵᠢᠯᠴᠠᠨ | ᠬᠥᠳᠡᠯᠦᠯᠴᠡᠭᠰᠡᠨ ᠵᠥᠷᠢᠴᠡᠯ ᠮᠠᠷᠭᠤᠯᠳᠤᠭᠠᠨ ᠢ ᠣᠯᠠᠨ ᠲᠠᠯ᠎ᠠ ᠠᠴᠠ ᠰᠡᠷᠭᠡᠶᠢᠯᠡᠨ ᠵᠣᠬᠢᠴᠠᠭᠤᠯᠤᠨ ᠰᠢᠢᠳᠪᠦᠷᠢᠯᠡᠬᠦ ᠬᠠᠮᠲᠤᠷᠠᠭᠰᠠᠨ ᠦᠢᠯᠡᠴᠢᠯᠡᠭᠡᠨ ᠤ | ᠰᠢᠰᠲ᠋ᠧᠮᠵᠢ ᠠᠩᠬ᠎ᠠ ᠠᠯᠬᠤᠮ ᠪᠦᠷᠢᠯᠳᠦᠪᠡ᠃ ᠨᠢᠭᠡ ᠵᠢᠯ ᠤᠨ ᠠᠵᠢᠯᠯᠠᠭᠠᠨ ᠢᠶᠠᠷ ᠳᠠᠮᠵᠢᠨ᠂ ᠡᠯ᠎ᠡ ᠭᠠᠵᠠᠷ ᠣᠷᠣᠨ ᠤ ᠦᠢᠯᠡᠴᠢᠯᠡᠭᠡᠨ ᠤ ᠲᠥᠪ ᠡᠯ᠎ᠡ | ᠵᠦᠢᠯ ᠤᠨ ᠵᠥᠷᠢᠴᠡᠯ ᠮᠠᠷᠭᠤᠯᠳᠤᠭᠠᠨ ᠢ 5800 ᠭᠠᠷᠤᠢ ᠬᠦᠯᠢᠶᠡᠨ ᠠᠪᠴᠤ᠂ 4700 ᠭᠠᠷᠤᠢ ᠶᠢ ᠰᠢᠢᠳᠪᠦᠷᠢᠯᠡᠨ᠂ ᠱᠠᠲᠤ ᠠᠯᠤᠰᠯᠠᠨ ᠰᠤᠷᠪᠤᠯᠵᠢᠯᠠᠬᠤ | ᠬᠥᠮᠥᠨ ᠤ ᠲᠤᠭ᠎ᠠ ᠳᠡᠭᠡᠷ᠎ᠡ ᠵᠢᠯ ᠤᠳ ᠠᠴᠠ ᠶᠡᠬᠡᠪᠡᠷ ᠪᠠᠭᠤᠷᠠᠪᠠ᠃ ᠵᠥᠷᠢᠴᠡᠯ ᠢ ᠡᠶᠡᠳᠡᠭᠦᠯᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ | ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ᠂ ᠵᠠᠬᠢᠳᠠᠯ ᠰᠤᠷᠪᠤᠯᠵᠢᠯᠠᠭ᠎ᠠ ᠶᠢ ᠵᠣᠬᠢᠴᠠᠭᠤᠯᠤᠨ ᠰᠢᠢᠳᠪᠦᠷᠢᠯᠡᠬᠦ ︽ᠳᠥᠷᠪᠡ ᠶᠢ ᠨᠢᠭᠡ ᠴᠣᠭᠴᠠᠵᠢᠭᠤᠯᠬᠤ︾ | ᠬᠠᠮᠲᠤᠷᠠᠭᠰᠠᠨ ᠦᠢᠯᠡᠴᠢᠯᠡᠭᠡ ᠶᠢᠨ ᠵᠠᠭᠪᠤᠷ ᠢ ᠴᠢᠩᠭᠠᠳᠬᠠᠬᠤ ᠪᠠᠷ ᠳᠠᠮᠵᠢᠭᠤᠯᠤᠨ᠂ ᠡᠯ᠎ᠡ ᠵᠦᠢᠯ ᠤᠨ ᠵᠥᠷᠢᠴᠡᠯ ᠮᠠᠷᠭᠤᠯᠳᠤᠭᠠᠨ ᠢ ᠪᠦᠬᠦ ᠬᠦᠴᠦᠨ ᠢᠶᠠᠷ ᠢᠶᠠᠨ | ᠡᠶᠡᠳᠡᠭᠦᠯᠦᠨ ᠰᠢᠢᠳᠪᠦᠷᠢᠯᠡᠵᠦ᠂ ᠲᠥᠪ ᠬᠤᠲᠠ ᠶᠢᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ | ᠲᠥᠷᠥᠭᠳᠡᠯ ᠢ ᠢᠯᠡᠳᠲᠡ ᠳᠡᠭᠡᠭᠰᠢᠯᠡᠭᠦᠯᠪᠡ᠃ |