ᠬᠥᠬᠡᠬᠤᠲᠠ ᠶᠢᠨ ᠣᠷᠣᠢ ᠶᠢᠨ ᠰᠣᠨᠢᠨ ᠤ ᠮᠡᠳᠡᠭᠡ ︵ᠰᠤᠷᠪᠤᠯᠵᠢᠯᠠᠭᠴᠢ ᠢᠦᠢ ᠶᠠ ᠵᠢᠶᠦ᠋ᠨ︶ 1 ᠳ᠋ᠦ᠋ᠭᠡᠷ ᠰᠠᠷ᠎ᠠ ᠶᠢᠨ4 ᠤ ᠡᠳᠦᠷ᠂ ᠬᠥᠬᠡᠬᠤᠲᠠ ᠶᠢᠨ | ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠬᠥᠬᠡᠬᠤᠲᠠ ᠶᠢᠨ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠪᠠ ᠰᠠᠭᠤᠭᠠᠯᠢ | ᠠᠷᠠᠳ ᠤᠨ ᠡᠮᠴᠢᠯᠡᠭᠡ ᠶᠢᠨ ᠪᠠᠲᠤᠯᠠᠭ᠎ᠠ ᠶᠢᠨ ᠴᠠᠬᠢᠮ ᠪᠠᠲᠤᠯᠠᠪᠤᠷᠢ ᠬᠡᠷᠡᠭᠯᠡᠭᠡᠨ ᠳᠤ ᠣᠷᠣᠵᠤ᠂ ᠥᠷᠭᠡᠨ ᠣᠯᠠᠨ ᠬᠤᠲᠠ ᠶᠢᠨ ᠠᠷᠠᠳ ᠣᠳᠣ ᠪᠠᠷ ᠠᠮᠢᠯᠠᠭᠤᠯᠤᠨ | ᠬᠡᠷᠡᠭᠯᠡᠵᠦ ᠪᠣᠯᠣᠨ᠎ᠠ᠂ ᠬᠤᠵᠢᠮ ᠡᠮᠴᠢᠯᠡᠭᠡ ᠶᠢᠨ ᠪᠠᠲᠤᠯᠠᠭ᠎ᠠ ᠶᠢᠨ ᠴᠠᠬᠢᠮ ᠪᠠᠲᠤᠯᠠᠪᠤᠷᠢ ᠶᠢ ᠡᠮᠨᠡᠯᠭᠡ ᠶᠢᠨ ᠬᠤᠷᠢᠶ᠎ᠠ ᠪᠠ ᠡᠮ ᠤᠨ ᠳᠡᠯᠭᠡᠭᠦᠷ ᠲᠤ ᠰᠢᠷᠪᠢᠭᠦᠯᠦᠨ | ᠮᠥᠩᠭᠦ ᠪᠠᠨ ᠲᠥᠯᠥᠵᠦ ᠪᠣᠯᠣᠨ᠎ᠠ᠃ | ᠲᠠᠨᠢᠯᠴᠠᠭᠤᠯᠤᠭᠰᠠᠨ ᠢᠶᠠᠷ᠂ ᠡᠮᠴᠢᠯᠡᠭᠡ ᠶᠢᠨ ᠪᠠᠲᠤᠯᠠᠭ᠎ᠠ ᠶᠢᠨ ᠴᠠᠬᠢᠮ ᠪᠠᠲᠤᠯᠠᠪᠤᠷᠢ ᠪᠣᠯ ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ | ᠨᠢᠭᠡᠳᠦᠯᠲᠡᠢ ᠪᠠᠷᠢᠮᠵᠢᠶ᠎ᠠ ᠲᠣᠭᠲᠠᠭᠠᠵᠤ᠂ ᠤᠯᠤᠰ ᠤᠨ ᠡᠮᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠠᠴᠠ ᠨᠢᠭᠡᠳᠦᠯᠲᠡᠢ ᠲᠠᠷᠬᠠᠭᠠᠵᠤ᠂ ᠳᠠᠭᠠᠳᠬᠠᠯ ᠳᠤ | ᠣᠷᠣᠯᠴᠠᠭᠰᠠᠨ ᠬᠥᠮᠥᠰ ᠲᠤ ᠣᠯᠭᠤᠭᠰᠠᠨ ᠪᠦᠬᠦ ᠤᠯᠤᠰ ᠤᠨ ᠴᠣᠷ ᠤᠨ ᠭᠠᠭᠴᠠ ᠰᠦᠯᠵᠢᠶᠡᠨ ᠳᠡᠭᠡᠷᠡᠬᠢ ᠡᠮᠴᠢᠯᠡᠭᠡ ᠶᠢᠨ ᠪᠠᠲᠤᠯᠠᠭ᠎ᠠ ᠶᠢᠨ ᠪᠡᠶ᠎ᠡ ᠶᠢᠨ | ᠭᠠᠷᠤᠯ ᠤᠨ ᠭᠡᠷᠡᠴᠢ ᠪᠣᠯᠣᠨ᠎ᠠ᠂ ᠡᠮᠴᠢᠯᠡᠭᠡ ᠶᠢᠨ ᠪᠠᠲᠤᠯᠠᠭ᠎ᠠ ᠶᠢᠨ ᠦᠨᠳᠦᠰᠦᠨ ᠮᠡᠳᠡᠭᠡ ᠵᠠᠩᠭᠢ ᠶᠢᠨ ᠬᠥᠮᠥᠷᠭᠡ ᠳᠤ ᠰᠠᠭᠤᠷᠢᠯᠠᠭᠰᠠᠨ ᠳᠠᠭᠠᠳᠬᠠᠯ ᠳᠤ | ᠣᠷᠣᠯᠴᠠᠭᠰᠠᠨ ᠪᠦᠬᠦ ᠬᠥᠮᠥᠰ ᠲᠤ ᠣᠯᠭᠤᠭᠰᠠᠨ ᠡᠮᠴᠢᠯᠡᠭᠡ ᠶᠢᠨ ᠪᠠᠲᠤᠯᠠᠭ᠎ᠠ ᠶᠢᠨ ᠪᠡᠶ᠎ᠡ ᠶᠢᠨ ᠭᠠᠷᠤᠯ ᠢ ᠲᠠᠨᠢᠬᠤ ᠴᠠᠬᠢᠮ ᠵᠠᠭᠤᠴᠢ ᠪᠣᠯᠣᠨ᠎ᠠ᠃ ᠡᠮᠴᠢᠯᠡᠭᠡ ᠶᠢᠨ | ᠪᠠᠲᠤᠯᠠᠭ᠎ᠠ ᠶᠢᠨ ᠴᠠᠬᠢᠮ ᠪᠠᠲᠤᠯᠠᠪᠤᠷᠢ ᠪᠣᠯ ᠦᠨᠡᠨ ᠨᠡᠷ᠎ᠡ ᠦᠨᠡᠨ ᠬᠥᠮᠥᠨ ᠢ ᠢᠯᠭᠠᠨ ᠲᠠᠨᠢᠬᠤ ᠮᠡᠷᠭᠡᠵᠢᠯ ᠢ ᠬᠡᠷᠡᠭᠯᠡᠵᠦ᠂ ᠨᠢᠭᠤᠴᠠᠯᠠᠨ ᠪᠣᠳᠣᠬᠤ ᠠᠷᠭ᠎ᠠ ᠶᠢ | ᠬᠡᠷᠡᠭᠯᠡᠨ ᠬᠢᠭᠰᠡᠨ ᠴᠠᠬᠢᠮ ᠲᠡᠮᠳᠡᠭ ᠪᠠᠶᠢᠵᠤ᠂ ᠠᠶᠤᠯᠭᠦᠢ ᠨᠠᠶᠢᠳᠠᠪᠤᠷᠢ ᠲᠠᠢ᠂ ᠴᠣᠷ ᠤᠨ ᠭᠠᠭᠴᠠ ᠴᠢᠨᠠᠷ ᠢ ᠢᠯᠭᠠᠨ ᠲᠠᠨᠢᠬᠤ ᠵᠡᠷᠭᠡ ᠴᠢᠬᠤᠯᠠ ᠣᠨᠴᠠᠯᠢᠭ ᠲᠠᠢ | ᠃ ᠳᠠᠭᠠᠳᠬᠠᠯ ᠳᠤ ᠣᠷᠣᠯᠴᠠᠭᠰᠠᠨ ᠬᠥᠮᠥᠨ ᠡᠮᠴᠢᠯᠡᠭᠡ ᠶᠢᠨ ᠪᠠᠲᠤᠯᠠᠭ᠎ᠠ ᠶᠢᠨ ᠴᠠᠬᠢᠮ ᠪᠠᠲᠤᠯᠠᠪᠤᠷᠢᠶᠢ ᠬᠡᠷᠡᠭᠯᠡᠨ ᠡᠮᠴᠢᠯᠡᠭᠡ ᠶᠢᠨ ᠳᠠᠭᠠᠳᠬᠠᠯ ᠤᠨ | ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠡᠮᠴᠢᠯᠡᠭᠡᠨ ᠤ ᠳᠠᠭᠠᠳᠬᠠᠯ ᠤᠨ ᠳᠠᠩᠰᠠ ᠪᠠᠨ ᠪᠠᠶᠢᠴᠠᠭᠠᠵᠤ ᠦᠵᠡᠬᠦ᠂ ᠡᠮᠴᠢᠯᠡᠭᠡ ᠶᠢᠨ ᠪᠠᠲᠤᠯᠠᠭ᠎ᠠ ᠪᠠᠷ | ᠡᠮᠴᠢᠯᠡᠭᠦᠯᠬᠦ ᠪᠠ ᠡᠮ ᠬᠤᠳᠠᠯᠳᠤᠨ ᠠᠪᠬᠤ ᠵᠡᠷᠭᠡ ᠡᠯ᠎ᠡ ᠵᠦᠢᠯ ᠤᠨ ᠰᠦᠯᠵᠢᠶᠡᠨ ᠳᠡᠭᠡᠷᠡᠬᠢ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡ ᠶᠢ ᠬᠦᠷᠲᠡᠵᠦ | ᠪᠣᠯᠣᠨ᠎ᠠ᠃ | ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠡᠮᠴᠢᠯᠡᠭᠡ ᠶᠢᠨ ᠪᠠᠲᠤᠯᠠᠭ᠎ᠠ ᠶᠢᠨ ᠴᠠᠬᠢᠮ | ᠪᠠᠲᠤᠯᠠᠪᠤᠷᠢ ᠨᠢ ᠮᠠᠰᠢ ᠣᠯᠠᠨ ᠳᠠᠪᠠᠭᠤᠯᠢᠭ ᠲᠠᠯ᠎ᠠ ᠲᠠᠢ᠂ ᠡᠮᠴᠢᠯᠡᠭᠡ ᠶᠢᠨ ᠪᠠᠲᠤᠯᠠᠭ᠎ᠠ ᠶᠢᠨ ᠴᠠᠬᠢᠮ ᠪᠠᠲᠤᠯᠠᠪᠤᠷᠢ ᠨᠢ ᠪᠡᠶᠡᠲᠦ ᠺᠠᠷᠲ ᠲᠤ ᠲᠦᠰᠢᠭᠯᠡᠬᠦ ᠦᠭᠡᠢ᠂ | ᠳᠠᠭᠠᠳᠬᠠᠯ ᠳᠤ ᠣᠷᠣᠯᠴᠠᠭᠰᠠᠨ ᠬᠥᠮᠥᠨ ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ APP᠂ ᠡᠰᠡᠬᠦᠯ᠎ᠡ ᠸᠢᠴᠠᠲ᠂ ᡁᠢ ᠹᠦ᠋ ᠪᠣᠣ ᠵᠡᠷᠭᠡ ᠤᠯᠤᠰ ᠤᠨ | ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠵᠥᠪᠰᠢᠶᠡᠷᠡᠭᠰᠡᠨ ᠭᠤᠷᠪᠠᠳᠠᠬᠢ ᠡᠲᠡᠭᠡᠳ ᠤᠨ ᠠᠷᠭ᠎ᠠ ᠵᠠᠮ ᠢᠶᠠᠷ ᠠᠮᠢᠯᠠᠭᠤᠯᠤᠨ ᠬᠡᠷᠡᠭᠯᠡᠵᠦ ᠪᠣᠯᠣᠨ᠎ᠠ᠃ |