ᠰᠢᠨ᠎ᠡ ᠬᠤᠲᠠ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ 2020 ᠣᠨ ᠤ ᠬᠦᠨᠳᠦ ᠶᠡᠭᠡ ᠠᠮᠢᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠠᠮᠢᠲᠠᠨ ᠢ ᠣᠨᠣᠰᠢᠯᠠᠨ ᠡᠮᠨᠡᠬᠦ ᠪᠠᠶᠢᠭᠤᠯᠤᠮᠵᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2021/1/6
     2020 ᠣᠨ ᠤ 12 ᠳ᠋ᠤᠭᠠᠷ ᠰᠠᠷ᠎ᠠ ᠶᠢᠨ 30 ᠤ ᠡᠳᠦᠷ᠂ ᠰᠢᠨ᠎ᠡ ᠬᠤᠲᠠ ᠲᠣᠭᠤᠷᠢᠭ ᠤᠨ ᠠᠮᠢᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠪ ᠪᠠ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠭᠠᠵᠠᠷ ᠬᠤᠶᠠᠷ ᠡᠳᠦᠷ ᠤᠨ ᠬᠤᠭᠤᠴᠠᠭ᠎ᠠ ᠲᠠᠢ ᠪᠥᠬᠦ ᠲᠤᠭᠤᠷᠢᠭ ᠤᠨ ᠦᠨᠳᠦᠰᠦᠨ ᠱᠠᠲᠤᠨ ᠤ ᠬᠢᠵᠢᠭ ᠰᠡᠷᠭᠡᠶᠢᠯᠡᠭᠴᠢ᠂ ᠰᠢᠶᠠᠩ ᠪᠠᠯᠭᠠᠰᠤᠨ ᠤ ᠬᠢᠵᠢᠭ ᠰᠡᠷᠭᠡᠶᠢᠯᠡᠬᠦ ᠠᠵᠢᠯᠯᠠᠭᠴᠢ᠂ ᠣᠨᠣᠯ ᠤᠨ ᠪᠣᠯᠪᠠᠰᠤᠷᠠᠭᠤᠯᠤᠯ ᠤᠨ ᠠᠩᠭᠢ ᠡᠷᠭᠢᠯᠡᠵᠦ᠂ ᠨᠡᠶᠢᠲᠡ 100 ᠭᠠᠷᠤᠶ ᠬᠥᠮᠦᠨ ᠪᠣᠯᠪᠠᠰᠤᠷᠠᠭᠤᠯᠤᠯ ᠳᠤ ᠣᠷᠣᠯᠴᠠᠪᠠ᠃      ᠲᠤᠰ ᠤᠳᠠᠭᠠᠨ ᠤ ᠪᠣᠯᠪᠠᠰᠤᠷᠠᠭᠤᠯᠤᠯ ᠨᠢ ᠭᠤᠣᠯᠳᠠᠭᠤ ᠬᠦᠨᠳᠦ ᠶᠡᠭᠡ ᠠᠮᠢᠲᠠᠨ ᠤ ᠬᠢᠵᠢᠭ ᠤᠨ ᠪᠠᠶᠢᠳᠠᠯ ᠪᠣᠯᠤᠨ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠰᠡᠷᠭᠡᠶᠢᠯᠡᠨ ᠡᠵᠡᠮᠳᠡᠬᠦ᠂ ᠠᠮᠢᠲᠠᠨ ᠤ ᠬᠢᠵᠢᠭ ᠪᠠᠶᠢᠴᠠᠭᠠᠵᠤ ᠬᠢᠨᠠᠨ ᠬᠠᠮᠢᠶᠠᠷᠬᠤ᠂ ᠭᠦᠢᠯᠭᠡᠭᠡᠨ ᠤ ᠶᠠᠪᠤᠴᠠ ᠶᠢ ᠬᠢᠨᠠᠨ ᠬᠠᠮᠢᠶᠠᠷᠬᠤ᠂ ᠮᠠᠯ ᠤᠨ ᠬᠤᠭᠤᠷᠣᠨᠳᠣᠬᠢ ᠪᠷᠦ᠋ᠼᠧᠯ ᠡᠪᠡᠳᠴᠢᠨ᠂ ᠰᠦᠷᠢᠶ᠎ᠡ ᠡᠪᠡᠳᠴᠢᠨ᠂ ᠪᠡᠳᠡᠬᠢ ᠬᠤᠷᠤᠬᠠᠶᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ᠂ ᠦᠬᠡᠷ ᠤᠨ ᠵᠠᠩᠭᠢᠯᠠᠭᠠᠲᠤ ᠴᠢᠨᠠᠷᠲᠠᠶ ᠠᠷᠠᠰᠤᠨ ᠤ ᠡᠪᠡᠳᠴᠢᠨ ᠤ ᠮᠡᠷᠭᠡᠵᠢᠯ ᠤᠨ ᠵᠢᠷᠤᠮᠵᠢᠯ ᠪᠣᠯᠤᠨ ᠠᠮᠢᠲᠠᠨ ᠢ ᠣᠨᠣᠰᠢᠯᠠᠨ ᠡᠮᠨᠡᠬᠦ ᠪᠠᠶᠢᠭᠤᠯᠤᠮᠵᠢ᠂ ᠮᠠᠯ ᠤᠨ ᠡᠮ ᠡᠵᠡᠩᠨᠡᠬᠦ ᠠᠵᠤ ᠠᠬᠤᠶᠢᠯᠠᠯ ᠤᠨ ᠮᠠᠯ ᠤᠨ ᠡᠮ ᠢ ᠮᠥᠷᠳᠡᠨ ᠬᠠᠮᠢᠶᠠᠷᠬᠤ᠂ ᠮᠠᠯ ᠤᠨ ᠡᠮ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠬᠤ᠂ ᠮᠠᠯ ᠤᠨ ᠡᠮ ᠤᠨ ᠶᠠᠰᠤ ᠴᠢᠨᠠᠷ ᠤᠨ ᠠᠶᠤᠯᠭᠦᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠤᠷᠢᠨ ᠳᠤ ᠪᠣᠯᠪᠠᠰᠤᠷᠠᠭᠤᠯᠤᠯ ᠬᠢᠵᠦ᠂ ᠠᠭᠤᠯᠭ᠎ᠠ ᠨᠢ ᠠᠵᠢᠯ ᠤᠨ ᠪᠣᠳᠠᠲᠤ ᠪᠠᠶᠢᠳᠠᠯ ᠳᠤ ᠨᠡᠶᠢᠴᠡᠨ᠎ᠡ᠃
     ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠰᠢᠨ᠎ᠡ ᠬᠤᠲᠠ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢ ᠵᠢᠶᠠᠨ ᠭᠤᠸᠠᠩ ᠪᠦᠬᠦ ᠲᠤᠭᠤᠷᠢᠭ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯᠲᠠᠨ ᠳᠤ ᠳᠣᠤᠷᠠᠬᠢ ᠱᠠᠭᠠᠷᠳᠠᠯᠭ᠎ᠠ ᠶᠢ ᠳᠤᠷᠠᠳᠪᠠ᠂ ᠲᠥᠪᠯᠡᠷᠡᠭᠦᠯᠦᠨ ᠪᠣᠯᠪᠠᠰᠤᠷᠠᠭᠤᠯᠬᠤ ᠪᠠ ᠥᠪᠡᠷ ᠢᠶᠠᠨ ᠰᠤᠷᠤᠯᠴᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠡᠯ᠎ᠡ ᠵᠣᠶᠢᠯ ᠤᠨ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢ ᠪᠣᠯᠪᠠᠰᠤᠷᠠᠩᠭᠤᠶ ᠡᠵᠡᠮᠰᠢᠵᠦ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠦᠢᠯᠡᠴᠢᠯᠡᠭᠡᠨ ᠤ ᠤᠬᠠᠮᠰᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ ᠪᠠ ᠤᠯᠤᠰ ᠤᠨ ᠲᠣᠭᠲᠠᠭᠠᠭᠰᠠᠨ ᠠᠮᠢᠲᠠᠨ ᠤ ᠬᠢᠵᠢᠭ ᠢ ᠰᠡᠷᠭᠡᠶᠢᠯᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠪᠤᠲᠠᠲᠠᠢ ᠭᠦᠢᠴᠡᠳᠭᠡᠵᠦ᠂ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ᠂ ᠰᠢᠨ᠎ᠡ ᠬᠤᠲᠠ ᠲᠣᠭᠤᠷᠢᠭ ᠤᠨ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃
     ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠬᠤ ᠶᠢᠨ ᠬᠠᠮᠲᠤ ᠬᠢᠴᠢᠶᠡᠯᠯᠡᠵᠦ ᠪᠠᠶᠢᠭ᠎ᠠ ᠤᠳᠤᠷᠢᠳᠤᠯᠭ᠎ᠠ ᠳᠤ ᠬᠤᠲᠠ ᠶᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠤᠨ ᠳᠡᠳ᠋ ᠡᠷᠬᠢᠯᠡᠭᠴᠢ ᠯᠢᠦ ᠱᠣᠸᠠᠩ ᠵᠢᠶ᠂ ᠬᠤᠲᠠ ᠶᠢᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠭᠠᠵᠠᠷ ᠤᠨ ᠰᠠᠯᠠᠭᠠᠨ ᠳᠠᠷᠤᠭ᠎ᠠ ᠶᠦᠨ ᠮᠦᠩᠬᠡ᠂ ᠬᠤᠲᠠ ᠶᠢᠨ ᠮᠠᠯ ᠤᠨ ᠡᠮ ᠢ ᠬᠢᠨᠠᠨ ᠪᠠᠶᠢᠴᠠᠭᠠᠬᠤ ᠭᠠᠵᠠᠷ ᠤᠨ ᠰᠠᠯᠠᠭᠠᠨ ᠳᠠᠷᠤᠭ᠎ᠠ ᠯᠢ ᡁᠢ ᠵᠢᠶᠦ᠋ᠨ ᠪᠠᠶᠢᠨ᠎ᠠ᠂ ᠪᠣᠯᠪᠠᠰᠤᠷᠠᠭᠤᠯᠤᠯ ᠤᠨ ᠬᠤᠷᠠᠯ ᠨᠢ ᠣᠳᠣᠬᠠᠨ ᠤ ᠪᠥᠬᠦ ᠤᠯᠤᠰ ᠤᠨ ᠬᠦᠨᠳᠦ ᠶᠡᠭᠡ ᠠᠮᠢᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠵᠡᠷᠭᠡ ᠠᠵᠢᠯ ᠤᠨ ᠳᠤᠮᠳᠠ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠠᠰᠠᠭᠤᠳᠠᠯ ᠵᠢᠴᠢ ᠠᠵᠢᠯ ᠤᠨ ᠳᠤᠮᠳᠠ ᠣᠷᠣᠰᠢᠵᠤ ᠪᠠᠶᠢᠭ᠎ᠠ ᠰᠢᠢᠳᠪᠦᠷᠢᠯᠡᠬᠦ ᠳᠤ ᠬᠦᠴᠢᠷᠲᠡᠶ ᠭᠠᠵᠠᠷ ᠵᠢᠴᠢ ᠲᠠᠷᠠᠭᠠᠴᠢ ᠶᠢᠨ ᠠᠯᠬᠤᠮ ᠤᠨ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠵᠡᠷᠭᠡ ᠠᠭᠤᠯᠭ᠎ᠠ ᠳᠤ ᠴᠢᠭᠯᠡᠭᠦᠯᠦᠨ ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号