ᠬᠥᠬᠡᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠡᠷᠬᠢᠯᠲᠡ ᠨᠢ ᠲᠤᠬᠳᠠᠭᠤᠨ ᠪᠦᠭᠡᠳ ᠬᠦᠳᠡᠯᠭᠡᠭᠦ ᠬᠦᠴᠦᠨ ᠨᠢ ᠴᠢᠩᠭᠠᠷᠠᠪᠠ
ᠨᠡᠶᠢᠲᠡᠯᠡᠭᠰᠡᠨ ᠴᠠᠭ᠄
2021/1/6
      ᠥᠪᠥᠷ ᠮᠣᠩᠭᠤᠯ ᠤᠨ ᠡᠳᠦᠷ ᠤᠨ ᠰᠣᠨᠢᠨ ᠤ ᠬᠥᠬᠡᠬᠤᠲᠠ ᠶᠢᠨ 1 ᠰᠠᠷ᠎ᠠ ᠶᠢᠨ 3 ᠤ ᠡᠳᠦᠷ ᠤᠨ ᠮᠡᠳᠡᠭᠡ ︵ᠰᠤᠷᠪᠤᠯᠵᠢᠯᠠᠭᠴᠢ ᠯᠢᠦ ᠶᠠᠩ ᠳᠠᠳᠤᠯᠭ᠎ᠠ ᠶᠢᠨ ᠰᠣᠷᠣᠭᠴᠢ ᠵᠠᠩ ᠯᠢ ᠹᠦ᠋︶ 2020 ᠣᠨ ᠠᠴᠠ ᠨᠠᠰᠢ᠂ ᠬᠥᠬᠡᠬᠤᠲᠠ ᠬᠢᠵᠢᠭ ᠤᠨ ᠲᠠᠭᠠᠷᠢᠯᠲᠠ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠪᠠᠭᠠᠰᠤᠭᠰᠠᠨ ᠵᠡᠷᠭᠡ ᠥᠷᠢᠰᠥᠯᠳᠦᠭᠡᠨ ᠢ ᠪᠥᠬᠦ ᠬᠦᠴᠦᠨ ᠢᠶᠠᠷ ᠢᠶᠠᠨ ᠠᠷᠭᠠᠴᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠳᠤ ᠡᠷᠬᠢᠯᠲᠡ ᠲᠣᠭᠲᠠᠭᠤᠨ᠂ ᠬᠥᠳᠡᠯᠭᠡᠬᠦ ᠬᠦᠴᠦᠨ ᠴᠢᠩᠭᠠᠷᠠᠭᠰᠠᠨ ᠪᠠᠶᠢᠳᠠᠯ ᠢᠯᠡᠷᠡᠪᠡ᠃      ᠨᠢᠳᠤᠨᠤᠨ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.1% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ 12 ᠠᠶᠢᠮᠠᠭ ᠬᠤᠲᠠ ᠶᠢᠨ 8 ᠳ᠋ᠤᠭᠠᠷ ᠲᠤ ᠵᠢᠭᠰᠠᠭᠠᠭᠳᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠣᠯᠵᠠᠪᠤᠷᠢ ᠶᠢ 104.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠵᠢᠱᠢᠯᠳᠠ ᠪᠠᠷ 15 ᠠᠴᠠ ᠳᠡᠭᠡᠭᠰᠢ ᠰᠢᠨ᠎ᠡ ᠪᠠᠷ ᠨᠡᠮᠡᠭᠳᠡᠪᠠ᠃ ᠣᠳᠣᠬᠠᠨ ᠪᠣᠯᠲᠠᠯ᠎ᠠ᠂ ᠪᠥᠬᠦ ᠬᠤᠲᠠ ᠶᠢᠨ ᠠᠵᠢᠯ ᠢᠶᠠᠨ ᠡᠬᠢᠯᠡᠭᠦᠯᠦᠭᠰᠡᠨ ︵ᠰᠡᠷᠭᠦᠭᠡᠭᠰᠡᠨ︶ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ 54 ᠪᠤᠯᠵᠤ᠂ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠨᠣᠷᠮ᠎ᠠ 93.1% ᠳᠤ ᠬᠦᠷᠴᠡᠶ︔ 1 — 10 ᠰᠠᠷ᠎ᠠ ᠳᠤ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 63.7% ᠪᠠᠷ ᠨᠡᠮᠡᠭᠳᠡᠵᠦ᠂ ᠪᠥᠬᠦ ᠣᠷᠣᠨ ᠳᠤ ᠬᠤᠶᠠᠳᠤᠭᠠᠷ ᠲᠤ ᠵᠢᠭᠰᠠᠭᠠᠭᠳᠠᠪᠠ᠃      ᠬᠢᠵᠢᠭ ᠤᠨ ᠬᠤᠭᠤᠴᠠᠭᠠᠨ ᠳᠤ᠂ ᠬᠥᠬᠡᠬᠤᠲᠠ ︽ᠬᠥᠬᠡᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠦᠶ᠎ᠠ ᠶᠢᠨ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠤᠨ ᠲᠥᠰᠦᠯ︾ ᠢ ᠲᠣᠭᠲᠠᠭᠠᠪᠠ᠃ ︽ᠠᠵᠢᠯᠲᠠᠨ ᠠᠵᠢᠯᠴᠢᠨ ᠤ ᠤᠷᠤᠰᠬᠠᠯ︾ ᠤᠨ ᠲᠣᠭᠤᠷᠢᠨ ᠳᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠳᠠᠭᠠᠨ ᠪᠤᠴᠠᠬᠤ ᠬᠡᠷᠡᠭᠴᠡᠭᠡ ᠱᠠᠭᠠᠷᠳᠠᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠠᠵᠤ ᠠᠬᠤᠶᠢᠯᠠᠯ ᠢ ᠬᠠᠪᠰᠤᠷᠤᠨ ᠠᠵᠢᠯᠲᠠᠨ ᠠᠵᠢᠯᠴᠢᠨ ᠤ ᠢᠳᠡᠬᠦ ᠬᠤᠨᠣᠬᠤ ᠶᠢ ᠬᠠᠷᠢᠴᠠᠩᠭᠤᠶ ᠪᠠᠷ ᠪᠢᠲᠡᠭᠦᠮᠵᠢᠯᠡᠨ ᠲᠤᠰᠠᠭᠠᠷᠯᠠᠬᠤ ᠶᠢ ᠪᠡᠶᠡᠯᠡᠭᠦᠯᠵᠦ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ︔ ︽ᠪᠠᠷᠠᠭᠠᠨ ᠤ ᠭᠦᠢᠯᠭᠡᠭᠡ︾ ᠶᠢᠨ ᠲᠣᠭᠤᠷᠢᠨ ᠳᠤ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠨᠡᠪᠲᠡᠷᠡᠬᠦ ᠦᠨᠡᠮᠯᠡᠯ᠂ ᠨᠡᠭᠦᠷᠡᠰᠦᠨ ᠤ ᠲᠡᠭᠡᠭᠡᠪᠦᠷᠢ ᠶᠢᠨ ᠨᠡᠪᠲᠡᠷᠡᠬᠦ ᠦᠨᠡᠮᠯᠡᠯ ᠵᠡᠷᠭᠡ ᠡᠯ᠎ᠡ ᠲᠥᠷᠥᠯ ᠤᠨ ᠨᠡᠪᠲᠡᠷᠡᠬᠦ ᠭᠡᠷᠡᠴᠢ ᠶᠢ 1200 ᠭᠠᠷᠤᠶ ᠶᠢ ᠢᠳᠡᠪᠬᠢᠲᠡᠶ ᠭᠦᠢᠴᠡᠳᠬᠡᠵᠦ᠂ ᠠᠵᠤ ᠠᠬᠤᠶᠢᠯᠠᠯ ᠤᠨ ᠲᠡᠭᠡᠭᠡᠪᠦᠷᠢ ᠶᠢᠨ ᠪᠠᠷᠠᠭᠠᠨ ᠤ ᠭᠦᠢᠯᠭᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ︔ ︽ᠪᠡᠯᠡ ᠮᠥᠩᠭᠦᠨ ᠤ ᠭᠦᠢᠯᠭᠡᠭᠡ︾ ᠶᠢᠨ ᠲᠣᠭᠤᠷᠢᠨ ᠳᠤ᠂ ᠠᠵᠤ ᠦᠢᠯᠡᠰ ᠮᠥᠩᠭᠦᠨ ᠭᠦᠢᠯᠭᠡᠭᠡ ᠶᠢ ᠣᠨᠣᠴᠠᠲᠠᠢ ᠵᠣᠯᠭᠠᠭᠤᠯᠬᠤ ᠦᠢᠯᠡᠴᠢᠯᠡᠭᠡ ᠶᠢ ᠥᠷᠨᠢᠭᠦᠯᠵᠦ᠂ 3 ᠠᠵᠤ ᠠᠬᠤᠶᠢᠯᠠᠯ ᠢ ᠤᠯᠤᠰ ᠤᠨ ᠬᠢᠵᠢᠭ ᠢ ᠰᠡᠷᠭᠡᠶᠢᠯᠡᠨ ᠬᠤᠷᠢᠬᠯᠠᠬᠤ ᠠᠵᠤ ᠠᠬᠤᠶᠢᠯᠠᠯ ᠤᠨ ᠨᠡᠷᠡᠰ ᠲᠤ ᠣᠷᠣᠭᠤᠯᠬᠤ ᠪᠠᠷ ᠲᠠᠨᠢᠯᠴᠠᠭᠤᠯᠪᠠ︔ 11 ᠠᠵᠤ ᠠᠬᠤᠢᠢᠯᠠᠯ ᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠬᠢᠵᠢᠭ ᠢ ᠰᠡᠷᠭᠡᠶᠢᠯᠡᠨ ᠬᠤᠷᠢᠬᠯᠠᠬᠤ ᠭᠤᠤᠯᠳᠠᠯᠭ᠎ᠠ ᠲᠠᠢ ᠠᠵᠤ ᠠᠬᠤᠶᠢᠯᠠᠯ ᠤᠨ ᠨᠡᠷᠡᠰ ᠲᠤ ᠲᠠᠨᠢᠯᠴᠠᠭᠤᠯᠤᠨ ᠤᠷᠤᠭᠤᠯᠵᠤ᠂ ᠮᠧᠩ ᠨᠢᠤ ᠰᠦ ᠶᠢᠨ ᠦᠢᠯᠡᠰ᠂ ᠵᠥᠩ ᠯᠢᠶᠠᠩ ᠭᠤᠯᠢᠷ ᠤᠨ ᠦᠢᠯᠡᠰ ᠵᠡᠷᠭᠡ ᠳᠤ 16 ᠳ᠋ᠦᠩᠰᠢᠭᠤᠷ ᠭᠠᠷᠤᠶ ᠲᠥᠭᠦᠷᠢᠭ ᠤᠨ ᠪᠠᠩᠭᠢ ᠶᠢᠨ ᠵᠢᠭᠡᠯᠡᠯᠭᠡ ᠵᠢᠭᠡᠯᠡᠵᠦ᠂ ᠬᠥᠬᠡᠬᠤᠲᠠ ᠶᠢᠨ ᠴᠠᠬᠢᠯᠭᠠᠨ ᠬᠠᠩᠭᠠᠬᠤ ᠲᠣᠪᠴᠢᠶ᠎ᠠ ᠲᠠᠢ ᠬᠠᠮᠵᠢᠯᠴᠠᠨ 115 ᠠᠵᠤ ᠠᠬᠤᠶᠢᠯᠠᠯ ᠳᠤ ᠴᠠᠬᠢᠯᠭᠠᠨ ᠤ ᠰᠦᠢᠳᠬᠡᠯ ᠢ ᠬᠤᠶᠢᠰᠢᠯᠠᠭᠤᠯᠤᠨ ᠲᠤᠰᠢᠶᠠᠯᠭᠠᠬᠤ ᠶᠢᠨ ᠬᠠᠮᠲᠤ ᠬᠤᠭᠤᠴᠠᠭ᠎ᠠ ᠰᠠᠭᠠᠲᠠᠭᠠᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠥᠬᠡᠶ ᠪᠣᠯᠭᠠᠪᠠ᠃ ᠬᠢᠵᠢᠭ ᠤᠨ ᠬᠤᠭᠤᠴᠠᠭᠠᠨ ᠳᠤ᠂ ᠬᠥᠬᠡᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠭᠰᠡᠨ ᠨᠤᠷᠮ᠎ᠠ ᠪᠦᠬᠦ ᠣᠷᠣᠨ ᠤ 12 ᠠᠶᠢᠮᠠᠭ ᠬᠤᠳᠠ ᠶᠢᠨ ᠡᠮᠦᠨ᠎ᠡ ᠡᠩᠨᠡᠭᠡᠨ ᠳᠤ ᠪᠠᠶᠢᠵᠤ᠂ ᠨᠢᠳᠤᠨᠤᠨ ᠤ 3 ᠰᠠᠷ᠎ᠠ ᠶᠢᠨ ᠰᠡᠭᠦᠯᠴᠢ ᠪᠣᠯᠬᠤ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠦᠬᠦᠨ ᠢᠶᠠᠷ ᠢᠶᠠᠨ ᠠᠵᠢᠯ ᠦᠢᠯᠡᠳᠪᠦᠷᠢᠯᠡᠯ ᠢᠶᠠᠨ ᠰᠡᠷᠭᠦᠭᠡᠪᠡ᠃      ᠪᠣᠳᠠᠲᠤ ᠴᠣᠭᠴᠠ ᠶᠢᠨ ᠠᠵᠤ ᠠᠬᠤᠶ ᠶᠢᠨ ᠲᠣᠭᠲᠠᠭᠤᠨ ᠡᠵᠡᠩᠨᠡᠯᠲᠡ ᠶᠢ ᠪᠥᠬᠦ ᠬᠦᠴᠦᠨ ᠢᠶᠠᠷ ᠢᠶᠠᠨ ᠬᠠᠪᠰᠤᠷᠬᠤ ᠲᠠᠯ᠎ᠠ ᠪᠠᠷ᠂ ᠬᠥᠬᠡᠬᠤᠲᠠ ᠶᠢᠨ ᠬᠢᠨ ︽ᠬᠢᠵᠢᠭ ᠤᠨ ᠪᠠᠶᠢᠳᠠᠯ ᠢ ᠠᠷᠭᠠᠴᠠᠵᠤ ᠳᠤᠮᠳᠠ ᠵᠢᠵᠢᠭ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠳᠡᠮᠵᠢᠬᠦ ᠠᠷᠪᠠᠨ ᠲᠠᠪᠤᠨ ᠵᠤᠷᠪᠤᠰ ᠠᠷᠭ᠎ᠠ ᠬᠡᠮᠵᠢᠶ᠎ᠡ︾ ᠶᠢ ᠲᠣᠭᠲᠠᠭᠠᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠢᠶᠠᠷ ᠭᠤᠤᠯᠯᠠᠨ ᠤᠳᠤᠷᠢᠳᠤᠭᠤᠯᠤᠬᠰᠠᠨ ᠦᠢᠯᠡᠰ ᠪᠤᠰᠬᠠᠬᠤ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠠᠵᠤ ᠠᠬᠤᠶᠢᠯᠠᠯ ᠤᠨ ᠣᠨ ᠤ ᠠᠳᠠᠯ ᠠᠬᠤᠶ ᠶᠢᠨ ᠵᠠᠷᠤᠳᠠᠯ ᠳᠤ ᠨᠥᠬᠦᠪᠥᠷᠢ ᠥᠭᠴᠦ᠂ 89 ᠠᠵᠤ ᠠᠬᠤᠶᠢᠯᠠᠯ ᠳᠤ ᠦᠷᠭᠦᠯᠵᠢᠯᠡᠨ ᠵᠢᠭᠡᠯᠡᠯᠭᠡ ᠦᠭᠭᠦ᠂ ᠬᠤᠭᠤᠴᠠᠭ᠎ᠠ ᠤᠷᠲᠤᠳᠬᠠᠬᠤ ᠲᠤᠬᠠᠶᠢᠯᠠᠭᠰᠠᠨ ᠠᠵᠢᠯ ᠢ ᠭᠦᠢᠴᠡᠳᠬᠡᠨ ᠥᠭᠴᠦ᠂ ᠵᠤᠭᠤᠰ ᠤᠨ ᠲᠤᠭ᠎ᠠ ᠨᠢ ᠨᠡᠶᠢᠲᠡ 4.2 ᠳ᠋ᠦᠩᠰᠢᠭᠤᠷ ᠲᠥᠭᠦᠷᠢᠭ ᠲᠤ ᠬᠥᠷᠪᠡ᠃ http://mongol.people.com.cn/15834447.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号