ᠮᠠᠨ ᠤ ᠬᠤᠲᠠ ᠬᠠᠲᠤᠨ ᠭᠤᠣᠯ ᠤᠨ ᠰᠠᠪᠠ ᠭᠠᠵᠠᠷ ᠤᠨ ᠲᠠᠪᠤᠨ ᠮᠤᠵᠢ ᠶᠢᠨ ᠶᠢᠰᠦᠨ ᠬᠤᠲᠠ ᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠮᠤᠵᠢ ᠠᠯᠤᠰᠯᠠᠨ ᠭᠦᠢᠴᠡᠳᠬᠡᠬᠦ︾ ᠬᠠᠮᠲᠤᠷᠠᠯᠴᠠᠭᠠᠨ ᠤ ᠪᠦᠳᠦᠭᠦᠪᠴᠢ ᠵᠥᠪᠳᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2021/1/6
      ᠣᠶᠢᠷ᠎ᠠ ᠳᠤ᠂ ᠮᠠᠨ ᠤ ᠬᠤᠲᠠ ᠵᠢᠨᠠᠨ᠂ ᠲᠠᠶᠢᠶᠤᠸᠠᠨ᠂ ᠰᠢ ᠠᠨ᠂ ᠯᠠᠨᠵᠧᠦ᠂ ᠢᠷᠭᠠᠢ ᠵᠡᠷᠭᠡ ᠬᠠᠲᠤᠨ ᠭᠤᠣᠯ ᠤᠨ ᠰᠠᠪᠠ ᠭᠠᠵᠠᠷ ᠤᠨ ᠮᠤᠵᠢ ᠶᠢᠨ ᠲᠥᠪ ᠬᠤᠲᠠ ᠲᠠᠢ ︽ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠬᠢᠨᠠᠨ ᠵᠥᠪᠰᠢᠶᠡᠷᠡᠬᠦ ᠦᠢᠯᠡᠴᠢᠯᠡᠭᠡ ᠶᠢᠨ ᠬᠤᠯᠪᠣᠭᠠᠨ ᠤ ᠬᠠᠮᠲᠤᠷᠠᠯᠴᠠᠭᠠᠨ ᠤ ᠵᠥᠪᠳᠡᠯᠴᠡᠭᠡᠷ︾ ︽ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠬᠢᠨᠠᠨ ᠵᠥᠪᠰᠢᠶᠡᠷᠡᠬᠦ ᠦᠢᠯᠡᠴᠢᠯᠡᠭᠡ ᠶᠢᠨ ᠬᠤᠯᠪᠣᠭᠠᠨ ᠤ ᠲᠤᠩᠬᠠᠭ︾ ᠲᠤ ᠭᠠᠷ ᠤᠨ ᠦᠰᠦᠭ ᠵᠢᠷᠤᠵᠤ᠂ ᠠᠵᠤ ᠠᠬᠤᠶᠢᠯᠠᠯ ᠢ ᠪᠠᠶᠢᠭᠤᠯᠤᠨ ᠳᠠᠩᠰᠠᠯᠠᠬᠤ ᠵᠡᠷᠭᠡ ᠠᠷᠪᠠᠭᠠᠳ ᠵᠦᠢᠯ ᠤᠨ ᠬᠤᠳᠠᠯᠳᠤᠭᠠᠨ ᠤ ᠶᠠᠪᠤᠳᠠᠯ ᠤᠨ ᠳᠠᠩᠰᠠᠯᠠᠯ ᠤᠨ ᠥᠨᠳᠥᠷ ᠳᠠᠪᠲᠠᠮᠵᠢ ᠲᠠᠢ ᠲᠤᠬᠠᠶᠢᠯᠠᠭᠰᠠᠨ ᠠᠵᠢᠯ ᠤᠨ ᠶᠠᠪᠤᠳᠠᠯ ᠢ ︽ᠮᠤᠵᠢ ᠠᠯᠤᠰᠯᠠᠨ ᠭᠦᠢᠴᠡᠳᠬᠡᠬᠦ︾ ᠶᠢ ᠬᠠᠮᠲᠤᠷᠠᠨ ᠬᠡᠷᠡᠭᠵᠢᠭᠦᠯᠦᠭᠰᠡᠨ ᠤ ᠳᠠᠷᠠᠭ᠎ᠠ᠂ ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠣᠪᠴᠢᠶ᠎ᠠ ᠣᠷᠴᠢᠮᠬᠠᠨ ᠳᠠᠬᠢᠨᠲᠠ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠱᠢ ᠽᠦᠢ ᠱᠠᠨ ᠬᠤᠲᠠ ᠳᠤ ᠪᠤᠭᠤᠳᠤ ᠬᠤᠲᠠ᠂ ᠪᠠᠶᠠᠨᠨᠠᠭᠤᠷ ᠬᠤᠲᠠ᠂  ᠦᠬᠠᠢ ᠬᠤᠲᠠ᠂ ᠠᠯᠠᠱᠠ ᠠᠶᠢᠮᠠᠭ ᠵᠢᠴᠢ ᠨᠢᠩᠰᠢᠶᠠ ᠶᠢᠨ ᠬᠤᠳᠤᠩ ᠦᠨᠳᠦᠰᠦᠳᠡᠨ ᠤ ᠥᠪᠡᠷᠲᠡᠭᠡᠨ ᠵᠠᠰᠠᠬᠤ ᠤᠷᠤᠨ ᠤ ᠱᠢ ᠽᠦᠢ ᠱᠠᠨ ᠬᠤᠲᠠ᠂ ᠬᠥᠬᠡᠨᠠᠭᠤᠷ ᠮᠤᠵᠢ ᠶᠢᠨ ᠰᠢᠨᠢᠩ ᠬᠤᠲᠠ᠂ ᠱᠠᠨᠰᠢ ᠮᠤᠵᠢ ᠶᠢᠨ ᠲᠡᠮᠡᠭᠡᠲᠦ᠂ ᠭᠠᠨᠰᠤ ᠮᠤᠵᠢ ᠶᠢᠨ ᠫᠢᠩᠯᠢᠶᠠᠩ ᠬᠤᠲᠠ ᠂ ᠴᠢᠩᠶᠠᠩ ᠬᠤᠲᠠ ᠵᠡᠷᠭᠡ ᠭᠠᠵᠠᠷ ᠣᠷᠣᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠲᠠᠢ ︽ᠬᠠᠲᠤᠨ ᠭᠤᠣᠯ ᠤᠨ ᠰᠠᠪᠠ ᠭᠠᠵᠠᠷ ᠤᠨ ᠲᠠᠪᠤᠨ ᠮᠤᠵᠢ ᠶᠢᠨ ᠶᠢᠰᠦᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︿ᠮᠤᠵᠢ ᠠᠯᠤᠰᠯᠠᠨ ᠭᠦᠢᠴᠡᠳᠬᠡᠬᠦ﹀ ᠬᠠᠮᠲᠤᠷᠠᠯᠴᠠᠭᠠᠨ ᠤ ᠪᠦᠳᠦᠭᠦᠪᠴᠢ ᠵᠥᠪᠳᠡᠯᠴᠡᠭᠡᠷ︾ ᠲᠣᠭᠲᠠᠪᠠ᠃      ᠡᠨᠡ ᠤᠳᠠᠭᠠᠨ ᠤ ᠵᠥᠪᠳᠡᠯᠴᠡᠭᠡᠷ ᠨᠢ ᠦᠨᠡᠨ ᠠᠴᠠ ᠵᠥᠪ ᠢ ᠡᠷᠢᠬᠦ᠂ ᠤᠷᠢᠳᠠᠪᠠᠷ ᠠᠮᠠᠷ ᠢ ᠳᠠᠷᠠᠭ᠎ᠠ ᠨᠢ ᠬᠦᠴᠢᠷ ᠢ ᠪᠡᠶᠡᠯᠡᠭᠦᠯᠬᠦ ᠵᠠᠷᠴᠢᠮ ᠢ ᠵᠢᠷᠤᠮᠯᠠᠨ᠂ ᠠᠵᠤ ᠠᠬᠤᠶᠢᠯᠠᠯ ᠪᠠ ᠣᠯᠠᠨ ᠲᠦᠮᠡᠨ ᠤ ᠬᠠᠯᠠᠮᠰᠢᠯ ᠶᠡᠬᠡᠲᠡᠢ ᠨᠡᠶᠢᠭᠡᠮ ᠤᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ᠂ ᠡᠮᠴᠢᠯᠡᠭᠡ ᠶᠢᠨ ᠪᠠᠲᠤᠯᠠᠭ᠎ᠠ᠂ ᠠᠵᠤ ᠠᠬᠤᠶᠢᠯᠠᠯ ᠢ ᠳᠠᠩᠰᠠᠯᠠᠬᠤ ᠵᠡᠷᠭᠡ ᠥᠨᠳᠥᠷ ᠳᠠᠪᠲᠠᠮᠵᠢ ᠲᠠᠢ ᠵᠦᠢᠯᠡᠰ ᠢ ᠰᠣᠩᠭᠤᠨ ᠠᠩᠬᠠᠨ ᠤ ᠪᠦᠯᠦᠭ ︽ᠮᠤᠵᠢ ᠠᠯᠤᠰᠯᠠᠨ ᠭᠦᠢᠴᠡᠳᠬᠡᠬᠦ︾ ᠵᠦᠢᠯ ᠳᠤ ᠣᠷᠣᠭᠤᠯᠵᠤ᠂ ᠪᠦᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠪᠠᠷ ᠭᠤᠣᠯ ᠪᠣᠯᠭᠠᠨ᠂ ᠲᠤᠰᠬᠠᠢ ᠴᠣᠩᠬᠤᠨ ᠳᠤ ᠣᠷᠣᠯᠠᠨ ᠭᠦᠢᠴᠡᠳᠬᠡᠬᠦ ᠪᠠᠷ ᠲᠤᠰᠠᠯᠠᠵᠤ᠂ ᠣᠯᠠᠨ ᠭᠠᠵᠠᠷ ᠣᠷᠣᠨ ᠬᠠᠮᠲᠤᠷᠠᠨ ᠭᠦᠢᠴᠡᠳᠬᠡᠬᠦ ᠶᠢ ᠤᠶᠠᠯᠳᠤᠭᠤᠯᠤᠭᠰᠠᠨ ᠠᠵᠢᠯ ᠤᠨ ᠲᠣᠭᠲᠠᠴᠠ ᠪᠠᠷ ᠳᠠᠮᠵᠢᠨ᠂ ᠴᠠᠭ ᠪᠠ ᠭᠠᠵᠠᠷ ᠣᠷᠣᠨ ᠤ ᠬᠢᠵᠠᠭᠠᠷᠯᠠᠯ ᠢ ᠳᠠᠪᠠᠵᠤ᠂ ᠡᠯ᠎ᠡ ᠭᠠᠵᠠᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠤᠴᠢᠷ ᠶᠠᠪᠤᠳᠠᠯ ᠭᠦᠢᠴᠡᠳᠬᠡᠬᠦ ᠳᠡᠭᠡᠨ ᠳᠤᠲᠠᠭᠤ ᠭᠦᠶᠦᠵᠦ᠂ ᠣᠶᠢᠷ᠎ᠠ ᠬᠠᠪᠢ ᠳᠠᠭᠠᠨ ᠭᠦᠢᠴᠡᠳᠬᠡᠬᠦ ᠶᠢ ᠪᠡᠶᠡᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ  ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠡᠢ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号