ᠪᠦᠬᠦ ᠣᠷᠣᠨ ᠤ ᠵᠢᠷᠭᠤᠳᠤᠭᠠᠷ ᠬᠤᠭᠤᠴᠠᠭᠠᠨ ᠤ ᠣᠶᠤᠲᠠᠳ ᠤᠨ ᠤᠷᠠᠯᠢᠭ ᠤᠨ ᠦᠵᠡᠭᠦᠯᠭᠡ ᠶᠠᠪᠤᠭᠳᠠᠪᠠ
ᠨᠡᠶᠢᠲᠡᠯᠡᠭᠰᠡᠨ ᠴᠠᠭ᠄
2021/1/6
     ᠲᠦᠷᠦᠭᠦᠬᠡᠨ᠂ ︽ᠴᠠᠭ ᠦᠶ᠎ᠡ ᠶᠢᠨ ᠥᠩᠭᠡ ᠲᠥᠷᠬᠦ ᠶᠢ ᠬᠠᠷᠠᠭᠤᠯᠵᠤ᠂ ᠴᠠᠭ ᠦᠶ᠎ᠡ ᠶᠢᠨ ᠴᠤᠭ ᠬᠡᠶᠢᠮᠣᠷᠢ ᠶᠢ ᠪᠣᠰᠬᠠᠶ᠎ᠠ︾ ᠪᠦᠬᠦ ᠣᠷᠣᠨ ᠤ ᠵᠢᠷᠭᠤᠳᠤᠭᠠᠷ ᠬᠤᠭᠤᠴᠠᠭᠠᠨ ᠤ ᠣᠶᠤᠲᠠᠳ ᠤᠨ ᠤᠷᠠᠯᠢᠭ ᠤᠨ ᠦᠵᠡᠭᠦᠯᠭᠡ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠵᠢᠨᠱᠠᠨ ᠲᠣᠭᠤᠷᠢᠭ ᠤᠨ ᠰᠣᠶᠣᠯ ᠪᠡᠶ᠎ᠡ ᠲᠠᠮᠢᠷ ᠤᠨ ᠣᠷᠳᠣᠨ ᠳᠤ ᠨᠢᠵᠢᠭᠢᠷ ᠶᠠᠪᠤᠭᠳᠠᠪᠠ᠃ ᠲᠤᠰ ᠤᠳᠠᠭᠠᠨ ᠤ ᠦᠵᠡᠭᠦᠯᠭᠡ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠳᠠᠭᠠᠭᠠᠨ ᠡᠷᠬᠢᠯᠡᠵᠦ᠂ ᠪᠦᠬᠦ ᠣᠷᠣᠨ ᠤ 13 ᠶᠡᠭᠡ ᠳᠡᠭᠡᠳᠦ ᠰᠤᠷᠭᠠᠭᠤᠯᠢ ᠶᠢᠨ 23 ᠤᠷᠠᠯᠢᠭ ᠤᠨ ᠰᠢᠯᠢᠳᠡᠭ ᠲᠣᠭᠯᠠᠯᠲᠠ ᠶᠢ ᠠᠬᠤᠢ ᠲᠠᠯᠠᠪᠠᠢ ᠳᠤ  ᠰᠢᠩᠭᠡᠭᠡᠪᠡ᠃ ᠰᠢᠩᠭᠡᠭᠡᠯᠲᠡ ᠳᠤ ᠣᠷᠣᠯᠴᠠᠭᠰᠠᠨ ᠲᠣᠭᠯᠠᠯᠲᠠ ᠳᠤ ᠰᠢ ᠵᠦᠴᠦᠭᠡ᠂ ᠤᠷᠠᠨ ᠣᠩᠰᠢᠯᠭ᠎ᠠ᠂ ᠨᠠᠶᠢᠷᠠᠯ ᠳᠠᠭᠤᠤ᠂ ᠬᠥᠭᠵᠢᠮ ᠬᠢᠭᠡᠳ ᠪᠥᠵᠢᠭ ᠢ ᠪᠠᠭᠲᠠᠭᠠᠭᠰᠠᠨ ᠲᠠᠪᠤᠨ ᠶᠡᠭᠡ ᠲᠥᠷᠥᠯ ᠣᠷᠣᠪᠠ᠃ ᠰᠤᠷᠪᠤᠯᠵᠢᠯᠠᠭᠴᠢ ᠸᠠᠩ ᠵᠦᠩ ᠵᠸᠦ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号