ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠨ ᠬᠢᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/1/6
ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2020﹈ 19 ᠳ᠋ᠦ᠋ᠭᠡᠷ ᠲᠣᠭᠠᠲᠤ   2020 ᠣᠨ ᠤ 10 ᠳ᠋ᠤᠭᠠᠷ ᠰᠠᠷ᠎ᠠ ᠶᠢᠨ 22 ᠤᠨ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠄      ᠣᠳᠣᠬᠠᠨ ᠳᠤ᠂ ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠨᠢᠭᠡᠨᠲᠡ ᠪᠠᠶᠢᠳᠠᠯ ᠢ ᠣᠶᠢᠯᠠᠭᠠᠵᠤ ᠳᠠᠩᠰᠠᠯᠠᠬᠤ ᠱᠠᠲᠤᠨ ᠳᠤ ᠣᠷᠣᠭᠠᠳ ᠪᠠᠶᠢᠨ᠎ᠠ᠃ ᠬᠤᠲᠠ ᠶᠢᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ︽ᠡᠳᠦᠷ ᠪᠦᠷᠢ ᠲᠣᠬᠢᠷᠠᠭᠤᠯᠬᠤ︾ ᠲᠣᠭᠲᠠᠴᠠ ᠪᠠᠷ ᠳᠠᠮᠵᠢᠨ᠂ ᠡᠯ᠎ᠡ ᠭᠠᠵᠠᠷ ᠣᠷᠣᠨ ᠳᠤ ᠠᠬᠢᠴᠠ ᠪᠠᠷ ᠤᠳᠠᠭᠠᠨ᠂ ᠤᠬᠠᠭᠤᠯᠭ᠎ᠠ ᠬᠦᠷᠦᠯᠴᠡᠬᠦ ᠦᠭᠡᠢ᠂ ︽ᠬᠤᠶᠠᠷ ᠠᠵᠢᠯᠲᠠᠨ︾ ᠡᠷᠦᠬᠡ ᠳᠤ ᠣᠷᠣᠬᠤ ᠳᠤ ᠬᠦᠴᠢᠷ ᠵᠡᠷᠭᠡ ᠠᠰᠠᠭᠤᠳᠠᠯ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠬᠤ ᠶᠢ ᠮᠡᠳᠡᠪᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠪᠠᠶᠢᠷᠢᠯᠠᠭᠤᠯᠤᠯᠲᠠ ᠪᠠᠷ᠂ ᠪᠠᠶᠢᠳᠠᠯ ᠢ ᠣᠶᠢᠯᠠᠭᠠᠵᠤ ᠳᠠᠩᠰᠠᠯᠠᠬᠤ ᠠᠵᠢᠯ 10 ᠳ᠋ᠤᠭᠠᠷ ᠰᠠᠷ᠎ᠠ ᠶᠢᠨ 27 ᠤ ᠡᠳᠦᠷ ᠳᠠᠭᠤᠰᠬᠤ ᠪᠠᠷ ᠪᠤᠢ᠂ ᠪᠠᠶᠢᠳᠠᠯ ᠢ ᠣᠶᠢᠯᠠᠭᠠᠬᠤ ᠱᠠᠲᠤᠨ ᠤ ᠶᠠᠰᠤ ᠴᠢᠨᠠᠷ ᠢ ᠰᠢᠯᠭᠠᠬᠤ ᠠᠵᠢᠯ 10 ᠳ᠋ᠤᠭᠠᠷ ᠰᠠᠷ᠎ᠠ ᠶᠢᠨ 28 ᠤ ᠡᠳᠦᠷ ᠠᠴᠠ 10 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠶᠠᠪᠤᠭᠳᠠᠵᠤ᠂ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠡᠷᠦᠭᠡ ᠳᠤ ᠣᠷᠣᠵᠤ ᠳᠠᠩᠰᠠᠯᠠᠯᠲᠠ ᠬᠢᠨ᠎ᠡ᠂ ᠴᠠᠭ ᠪᠠᠴᠢᠮ᠂ ᠡᠭᠦᠷᠭᠡ ᠬᠦᠨᠳᠦ᠃ ᠮᠠᠨ ᠤ ᠬᠤᠲᠠ ᠶᠢᠨ ᠳᠣᠯᠣᠳᠤᠭᠠᠷ ᠤᠳᠠᠭ᠎ᠠ ᠶᠢᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠤᠯᠠᠮ ᠨᠢᠭᠡ ᠠᠯᠬᠤᠮ ᠨᠠᠷᠢᠨ ᠬᠢᠨᠠᠮᠠᠭᠠᠢ ᠬᠢᠵᠦ᠂ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠪᠠ ᠠᠬᠢᠴᠠ ᠶᠢ ᠪᠠᠲᠤᠯᠠᠬᠤ ᠶᠢᠨ ᠲᠤᠰᠠᠳᠠ᠂ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ᠡᠲᠦᠭᠡ ᠬᠠᠮᠢᠶ᠎ᠠ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠦᠵᠡᠯᠲᠡ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ      ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠤᠯᠠᠮ ᠨᠢᠭᠡ ᠠᠯᠬᠤᠮ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠥᠷᠨᠢᠬᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2019﹈ 24 ᠳ᠋ᠦ᠋ᠭᠡᠷ ᠲᠣᠭᠠᠲᠤ︶᠂  ︽ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2020﹈ 2 ᠳ᠋ᠤᠭᠠᠷ ᠲᠣᠭᠠᠲᠤ︶ ᠪᠠ ︽ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠬᠥᠬᠡᠬᠤᠲᠠ ᠵᠠᠰᠠᠭ ᠲᠠᠷᠬᠠᠭᠠᠭᠰᠠᠨ ﹇2020﹈ 7 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠲᠠᠰᠤᠷᠠᠯᠲᠠ ᠦᠭᠡᠢ ᠪᠣᠳᠠᠳᠠᠶᠢᠵᠢᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠠᠵᠢᠯ ᠤᠨ ᠠᠷᠭ᠎ᠠ ᠮᠠᠶ᠋ᠢᠭ ᠢᠶᠠᠨ ᠰᠢᠨᠡᠴᠢᠯᠡᠵᠦ᠂ ︽ᠬᠤᠶᠠᠷ ᠠᠵᠢᠯᠲᠠᠨ︾ ᠤ ᠬᠠᠷᠠᠭᠠᠯᠵᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠶᠢᠳᠠᠯ ᠢ ᠣᠶᠢᠯᠠᠭᠠᠵᠤ ᠳᠠᠩᠰᠠᠯᠠᠬᠤ ᠠᠬᠢᠴᠠ ᠶᠢ ᠲᠦᠷᠭᠡᠳᠬᠡᠨ᠂ ᠨᠡᠶᠢᠳᠡᠮ ᠪᠠᠶᠢᠴᠠᠭᠠᠯᠲᠠ ᠶᠢᠨ ᠪᠠᠶᠢᠳᠠᠯ ᠢ ᠣᠶᠢᠯᠠᠭᠠᠬᠤ ᠪᠠ ᠭᠡᠷ ᠲᠤ ᠣᠷᠣᠵᠤ ᠳᠠᠩᠰᠠᠯᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ᠃       ᠬᠤᠶᠠᠷ᠂ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠤᠯᠠᠮ ᠨᠢᠭᠡ ᠠᠯᠬᠤᠮ ᠨᠠᠷᠢᠯᠢᠭ ᠪᠣᠳᠠᠳᠠᠢ ᠬᠢᠬᠦ ᠬᠡᠷᠡᠭᠲᠡᠢ       ᠬᠤᠲᠠ ᠶᠢᠨ ᠳᠣᠯᠣᠳᠤᠭᠠᠷ ᠤᠳᠠᠭ᠎ᠠ ᠶᠢᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠡᠯ᠎ᠡ ᠭᠡᠰᠢᠭᠦᠨ ᠨᠢᠭᠡᠴᠡ ᠥᠪᠡᠷ ᠤᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂  ᠬᠠᠷᠢᠭᠤᠴᠠᠯᠭ᠎ᠠ ᠪᠠᠨ ᠭᠦᠢᠴᠡᠳᠬᠡᠨ᠂ ᠬᠦᠴᠦ ᠪᠠᠨ ᠬᠠᠮᠳᠤᠳᠬᠠᠨ ᠬᠠᠮᠵᠢᠯᠴᠠᠵᠤ᠂ ᠨᠢᠭᠲᠠ ᠬᠠᠮᠵᠢᠯᠴᠠᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠨᠡᠶᠢᠯᠡᠯ ᠬᠦᠴᠦᠨ ᠢ ᠤᠯᠠᠮ ᠨᠢᠭᠡ ᠠᠯᠬᠤᠮ ᠪᠦᠷᠢᠯᠳᠦᠭᠦᠯᠬᠦ ᠬᠡᠷᠡᠭᠲᠡᠢ᠃ ᠡᠯ᠎ᠡ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠣᠳᠠᠲᠠᠢ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠬᠠᠶᠢᠯᠠᠭᠰᠠᠨ ᠠᠵᠢᠯ ᠢ ᠵᠢᠯᠤᠭᠤᠳᠬᠤ ᠪᠠ ᠡᠳᠦᠷ ᠲᠣᠲᠤᠮ ᠤᠨ ᠲᠣᠬᠢᠷᠠᠭᠤᠯᠤᠯᠲᠠ ᠬᠢᠬᠦ ᠪᠠᠨ ᠴᠢᠩᠭᠠᠳᠬᠠᠨ᠂ ᠠᠵᠢᠯ ᠤᠨ ᠠᠬᠢᠴᠠ ᠪᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠢᠮᠠᠭᠲᠠ ᠣᠨᠣᠪᠴᠢᠲᠠᠢ ᠡᠵᠡᠮᠰᠢᠬᠦ ᠶᠢᠨ ᠬᠠᠮᠲᠤ ᠴᠠᠭ ᠳᠠᠷᠤᠢ ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠡᠷᠦᠬᠡ ᠠᠮᠠ ᠶᠢᠨ ᠳᠠᠩᠰᠠ ᠶᠢ ᠴᠡᠭᠴᠡᠯᠡᠬᠦ ᠠᠵᠢᠯ ᠢ ᠬᠠᠷᠢᠭᠤᠴᠠᠨ᠂ ᠨᠡᠶᠢᠳᠡᠮ ᠪᠠᠶᠢᠴᠠᠭᠠᠯᠲᠠ ᠶᠢᠨ ᠮᠡᠳᠡᠭᠡ ᠵᠠᠩᠭᠢ ᠶᠢ ᠲᠡᠮᠳᠡᠭᠯᠡᠬᠦ ᠪᠠ ᠡᠷᠦᠬᠡ ᠠᠮᠠ ᠶᠢᠨ ᠵᠠᠰᠠᠭ ᠵᠠᠬᠢᠷᠭᠠᠨ ᠤ ᠲᠡᠮᠳᠡᠭᠯᠡᠯ ᠢ ᠬᠠᠷᠭᠤᠭᠤᠯᠬᠤ ᠠᠵᠢᠯ ᠳᠤ ᠬᠠᠮᠵᠢᠯᠴᠠᠵᠤ᠂ ᠣᠨᠴᠠᠭᠠᠶᠢᠯᠠᠨ ᠡᠯ᠎ᠡ ᠱᠠᠲᠤᠨ ᠤ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢ ᠢᠳᠡᠪᠬᠢᠲᠡᠢ ᠳᠡᠮᠵᠢᠵᠦ ᠬᠠᠮᠵᠢᠯᠴᠠᠨ᠂ ︽ᠬᠤᠶᠠᠷ ᠠᠵᠢᠯᠲᠠᠨ︾ ᠤ ᠡᠷᠦᠭᠡ ᠳᠤ ᠣᠷᠣᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠣᠷᠣᠨ ᠰᠠᠭᠤᠴᠠ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠡᠶᠢᠲᠡ ᠶᠢᠨ ᠲᠦᠷᠢᠶᠡᠰᠦᠨ ᠤᠷᠤᠨ ᠰᠠᠭᠤᠴᠠ ᠪᠠ ᠬᠢᠮᠳᠠ ᠣᠷᠣᠨ ᠰᠠᠭᠤᠴᠠ ᠶᠢᠨ ᠬᠤᠷᠢᠶᠠᠯᠠᠯ ᠤᠨ ᠨᠡᠶᠢᠳᠡᠮ ᠪᠠᠶᠢᠴᠠᠭᠠᠯᠲᠠ ᠶᠢᠨ ᠪᠠᠶᠢᠳᠠᠯ ᠢ ᠣᠶᠢᠯᠠᠭᠠᠬᠤ ᠪᠠ ᠡᠷᠦᠭᠡ ᠳᠤ ᠣᠷᠣᠵᠤ ᠳᠠᠩᠰᠠᠯᠠᠬᠤ ᠳᠤ ᠣᠷᠣᠰᠢᠬᠤ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠲᠡᠳᠡᠨ ᠢ ᠬᠠᠪᠰᠤᠷᠤᠨ ᠭᠡᠷ ᠪᠠᠶᠢᠰᠢᠩ ᠢ ᠲᠦᠷᠢᠶᠡᠰᠦᠯᠡᠵᠦ ᠪᠠᠶᠢᠭ᠎ᠠ ᠬᠥᠮᠥᠨ ᠪᠤᠶᠤ ᠭᠡᠷ ᠪᠠᠶᠢᠰᠢᠩ ᠤᠨ ᠡᠵᠡᠨ ᠲᠠᠢ ᠬᠠᠷᠢᠯᠴᠠᠵᠤ᠂ ᠬᠤᠯᠪᠣᠭᠳᠠᠯ ᠪᠦᠬᠦᠢ ᠬᠥᠮᠥᠨ ᠠᠮᠠ ᠶᠢᠨ ᠰᠠᠭᠤᠷᠢ ᠲᠤᠭ᠎ᠠ ᠶᠢ ᠣᠨᠣᠪᠴᠢᠲᠠᠢ ᠡᠵᠡᠮᠰᠢᠬᠦ ᠶᠢ ᠪᠠᠳᠤᠯᠠᠬᠤ ᠶᠢᠨ ᠬᠠᠮᠲᠤ ᠨᠡᠷᠡᠰ ᠪᠠ ᠬᠠᠷᠢᠯᠴᠠᠬᠤ ᠤᠲᠠᠰᠤ ᠶᠢ ᠴᠠᠭ ᠲᠤᠬᠠᠢ ᠳᠤᠨᠢ ᠡᠯ᠎ᠡ ᠱᠠᠲᠤᠨ ᠤ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠲᠤ ᠮᠡᠳᠡᠭᠦᠯᠬᠦ ᠬᠡᠷᠡᠭᠲᠡᠢ᠃ ᠡᠯ᠎ᠡ ᠱᠠᠲᠤᠨ ᠤ ᠰᠤᠷᠭᠠᠨ ᠬᠥᠮᠥᠵᠢᠯ ᠤᠨ ᠰᠠᠯᠠᠭ᠎ᠠ ᠮᠥᠴᠢᠷ ᠰᠤᠷᠭᠠᠭᠤᠯᠢ ᠳᠤ ᠪᠠᠶᠢᠭ᠎ᠠ ᠰᠤᠷᠤᠭᠴᠢᠳ ᠲᠤ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠬᠢᠬᠦ ᠵᠢᠴᠢ ᠳᠠᠩᠰᠠᠯᠠᠬᠤ ᠠᠵᠢᠯ ᠢ ᠵᠣᠬᠢᠴᠠᠭᠤᠯᠤᠨ ᠰᠠᠶᠢᠳᠤᠷ ᠬᠢᠬᠦ ᠶᠢ ᠬᠠᠷᠢᠭᠤᠴᠠᠬᠤ ᠬᠡᠷᠡᠭᠲᠡᠢ᠃ ᠡᠯ᠎ᠡ ᠱᠠᠲᠤᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠡᠶᠢᠭᠡᠮ ᠲᠣᠭᠤᠷᠢᠭ ᠠᠳᠠᠯ ᠠᠬᠤᠢ ᠵᠡᠷᠭᠡ ᠨᠢᠭᠡᠴᠡ ᠶᠢ ᠵᠣᠬᠢᠴᠠᠭᠤᠯᠵᠤ ᠡᠷᠦᠭᠡ ᠳᠤ ᠤᠷᠤᠵᠤ ᠳᠠᠩᠰᠠᠯᠠᠬᠤ ᠠᠵᠢᠯ ᠳᠤ ᠬᠠᠮᠵᠢᠯᠴᠠᠭᠤᠯᠬᠤ ᠶᠢ ᠬᠠᠷᠢᠭᠤᠴᠠᠬᠤ ᠬᠡᠷᠡᠭᠲᠡᠢ᠃ ᠡᠯ᠎ᠡ ᠱᠠᠲᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠡᠶᠢᠳᠡᠮ ᠪᠠᠶᠢᠴᠠᠭᠠᠯᠲᠠ ᠶᠢᠨ ᠲᠥᠰᠥᠯ ᠢ ᠤᠯᠤᠰ ᠠᠷᠠᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠥᠪᠵᠢᠭᠦᠯᠭᠡ ᠵᠢᠴᠢ ᠬᠠᠮᠢᠶ᠎ᠠ ᠪᠦᠬᠦᠢ ᠲᠤᠰᠬᠠᠢ ᠲᠥᠷᠥᠯ ᠤᠨ ᠲᠥᠯᠥᠪᠵᠢᠭᠦᠯᠭᠡ ᠲᠠᠢ ᠵᠣᠯᠭᠠᠭᠤᠯᠬᠤ ᠠᠵᠢᠯ ᠢ ᠵᠣᠬᠢᠴᠠᠭᠤᠯᠬᠤ ᠶᠢ ᠬᠠᠷᠢᠭᠤᠴᠠᠬᠤ ᠶᠢᠨ ᠬᠠᠮᠲᠤ ᠨᠡᠶᠢᠳᠡᠮ ᠪᠠᠶᠢᠴᠠᠭᠠᠯᠲᠠ ᠳᠤ ᠬᠡᠷᠡᠭᠯᠡᠬᠦ ᠪᠡᠯᠡᠳᠬᠡᠮᠵᠢ ᠳᠤ ᠪᠡᠯᠡ ᠣᠷᠣᠭᠤᠯᠵᠤ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠵᠠᠰᠠᠭ ᠵᠠᠬᠢᠷᠭᠠᠨ ᠤ ᠬᠤᠪᠢᠶᠠᠷᠢᠯᠠᠯ ᠤᠨ ᠲᠠᠯ᠎ᠠ ᠶᠢᠨ ᠵᠣᠬᠢᠴᠠᠭᠤᠯᠤᠨ ᠬᠠᠮᠵᠢᠯᠴᠠᠬᠤ ᠠᠵᠢᠯ ᠢ ᠬᠠᠷᠢᠭᠤᠴᠠᠵᠤ᠂ ᠦᠬᠦᠭᠰᠡᠨ ᠬᠥᠮᠥᠨ ᠢ ᠤᠷᠤᠰᠢᠭᠤᠯᠤᠭᠰᠠᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠲᠡᠮᠳᠡᠭᠯᠡᠯ ᠢ ᠬᠠᠪᠰᠤᠷᠤᠨ ᠬᠠᠩᠭᠠᠬᠤ ᠬᠡᠷᠡᠭᠲᠡᠢ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠵᠣᠬᠢᠴᠠᠭᠤᠯᠤᠨ ᠪᠠᠲᠤᠯᠠᠬᠤ ᠠᠵᠢᠯ ᠢ ᠰᠠᠶᠢᠳᠤᠷ ᠬᠢᠬᠦ ᠶᠢ ᠬᠠᠷᠢᠭᠤᠴᠠᠬᠤ ᠬᠡᠷᠡᠭᠲᠡᠢ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠡᠶᠢᠳᠡᠮ ᠪᠠᠶᠢᠴᠠᠭᠠᠯᠲᠠ ᠶᠢᠨ ᠵᠢᠷᠤᠭ ᠵᠢᠷᠤᠬᠤ ᠳᠤ ᠬᠡᠷᠡᠭᠰᠡᠬᠦ ᠭᠠᠵᠠᠷ ᠵᠦᠶ ᠶᠢᠨ ᠮᠡᠳᠡᠭᠡ ᠵᠠᠩᠭᠢ ᠶᠢᠨ ᠮᠠᠲ᠋ᠧᠷᠢᠶᠠᠯ ᠢ ᠵᠣᠬᠢᠴᠠᠭᠤᠯᠤᠨ ᠪᠠᠲᠤᠯᠠᠬᠤ ᠠᠵᠢᠯ ᠢ ᠬᠠᠷᠢᠭᠤᠴᠠᠬᠤ ᠬᠡᠷᠡᠭᠲᠡᠶ᠃ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠨᠡᠶᠢᠳᠡᠮ ᠪᠠᠶᠢᠴᠠᠭᠠᠯᠲᠠ ᠶᠢᠨ ᠳᠠᠩᠰᠠᠯᠠᠯ ᠤᠨ ᠮᠡᠳᠡᠭᠡ ᠵᠠᠩᠭᠢ ᠶᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠲᠡᠮᠳᠡᠭᠯᠡᠯ ᠲᠠᠢ ᠬᠠᠷᠭᠤᠭᠤᠯᠬᠤ ᠠᠵᠢᠯ ᠢ ᠵᠣᠬᠢᠴᠠᠭᠤᠯᠤᠨ ᠰᠠᠶᠢᠲᠤᠷ ᠬᠢᠬᠦ ᠶᠢ ᠬᠠᠷᠢᠭᠤᠴᠠᠵᠤ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ   ᠲᠠᠩᠰᠠᠯᠠᠯ ᠳᠤ ᠬᠤᠯᠪᠣᠭᠳᠠᠬᠤ ᠠᠵᠢᠯ ᠳᠤ ᠢᠳᠡᠪᠬᠢᠲᠡᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠬᠥᠬᠡᠬᠤᠲᠠ ᠳᠤ ᠰᠠᠭᠤᠭ᠎ᠠ ᠡᠯ᠎ᠡ ᠨᠢᠭᠡᠴᠡ ᠨᠦᠭᠦᠳ ︽ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠨᠠᠷᠢᠨ ᠬᠢᠨᠠᠮᠠᠭᠠᠶ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠤᠳᠤᠷᠢᠳᠬᠤ ᠳᠤᠭᠤᠶᠢᠯᠠᠩ ᠤᠨ ᠪᠤᠰᠤᠳ ᠭᠡᠰᠢᠭᠦᠨ ᠨᠢᠭᠡᠴᠡ ᠴᠦ ᠥᠪᠡᠷ ᠥᠪᠡᠷ ᠤᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠵᠤᠬᠢᠴᠠᠭᠤᠯᠬᠤ᠂ ᠨᠡᠶᠢᠳᠡᠮ ᠪᠠᠶᠢᠴᠠᠭᠠᠯᠲᠠ ᠶᠢᠨ ᠪᠠᠶᠢᠳᠠᠯ ᠢ ᠣᠶᠢᠯᠠᠭᠠᠬᠤ ᠪᠠ ᠵᠢᠩᠬᠢᠨᠢ ᠪᠠᠷ ᠳᠠᠩᠰᠠᠯᠠᠬᠤ ᠵᠢᠴᠢ ᠤᠬᠠᠭᠤᠯᠵᠤ ᠳᠠᠶᠢᠴᠢᠯᠠᠬᠤ ᠵᠡᠷᠭᠡ ᠠᠵᠢᠯ ᠳᠤ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃      ᠭᠤᠷᠪᠠ᠂ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ      ᠡᠯ᠎ᠡ ᠱᠠᠲᠤᠨ ᠤ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠤᠬᠠᠭᠤᠯᠬᠤ ᠰᠠᠯᠠᠭ᠎ᠠ ᠮᠥᠴᠢᠷ ᠲᠠᠢ ᠬᠠᠮᠲᠤᠷᠠᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠠᠵᠢᠯ ᠢ ᠦᠷᠭᠦᠯᠵᠢᠯᠡᠨ ᠨᠠᠷᠢᠨ ᠬᠢᠨᠠᠮᠠᠭᠠᠢ ᠰᠠᠶᠢᠲᠤᠷ ᠬᠢᠵᠦ᠂ ᠡᠯ᠎ᠡ ᠱᠠᠲᠤᠨ ᠤ ᠰᠣᠨᠢᠨ ᠮᠡᠳᠡᠭᠡ ᠵᠠᠭᠤᠴᠢᠯᠠᠭᠤᠷ ᠢ ᠭᠦᠢᠴᠡᠳ ᠵᠣᠬᠢᠴᠠᠭᠤᠯᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠭᠦᠨᠵᠡᠭᠡᠢ ᠤᠬᠠᠭᠤᠯᠤᠨ ᠮᠡᠳᠡᠭᠡᠯᠡᠵᠦ᠂ ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠢᠬᠤᠯᠠ ᠤᠳᠬ᠎ᠠ ᠠᠭᠤᠯᠭ᠎ᠠ ᠶᠢ ᠥᠷᠭᠡᠨ ᠢᠶᠠᠷ ᠬᠦᠨᠵᠡᠭᠡᠢ ᠤᠬᠠᠭᠤᠯᠵᠤ᠂ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠪᠠᠳᠠᠷᠠᠭᠤᠯᠤᠨ᠂ ᠬᠥᠬᠡᠬᠤᠲᠠ ᠶᠢᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠦᠯᠢᠭᠡᠷ ᠢ  ᠰᠠᠶᠢᠳᠤᠷ ᠬᠦᠦᠷᠨᠢᠵᠦ᠂ ᠥᠷᠭᠡᠨ ᠣᠯᠠᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠬᠠᠤᠯᠢ ᠶᠣᠰᠣᠭᠠᠷ ᠨᠡᠶᠢᠳᠡᠮ ᠪᠠᠶᠢᠴᠠᠭᠠᠯᠲᠠ ᠳᠤ ᠬᠠᠮᠵᠢᠯᠴᠠᠨ᠂ ᠨᠡᠶᠢᠳᠡᠮ ᠪᠠᠶᠢᠴᠠᠭᠠᠯᠲᠠ ᠳᠤ ᠮᠡᠳᠡᠭᠦᠯᠬᠦ ᠵᠦᠢᠯᠡᠰ ᠤᠨ ᠬᠤᠯᠪᠣᠭᠳᠠᠯ ᠪᠦᠬᠦᠢ ᠪᠠᠶᠢᠳᠠᠯ ᠢ ᠦᠨᠡᠨ ᠮᠦᠨ ᠢᠶᠠᠷ ᠨᠢ ᠮᠡᠳᠡᠭᠦᠯᠬᠦ ᠶᠢ ᠭᠦᠨᠵᠡᠭᠡᠢ ᠬᠥᠲᠥᠯᠥᠨ ᠵᠢᠯᠤᠭᠤᠳᠬᠤ ᠬᠡᠷᠡᠭᠲᠡᠢ᠃ ᠰᠢᠨ᠎ᠡ ᠰᠡᠳᠬᠢᠬᠦᠢ᠂ ᠰᠢᠨ᠎ᠡ ᠠᠷᠭ᠎ᠠ ᠪᠠᠷᠢᠯ ᠢ ᠭᠦᠢᠴᠡᠳ ᠠᠰᠢᠭᠯᠠᠨ ᠤᠬᠠᠭᠤᠯᠭ᠎ᠠ ᠶᠢᠨ ᠠᠷᠭ᠎ᠠ ᠬᠡᠯᠪᠡᠷᠢ ᠳᠡᠭᠡᠨ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠬᠦᠴᠦᠨ ᠢ ᠢᠳᠡᠪᠬᠢᠲᠡᠢ ᠳᠠᠶᠢᠴᠢᠯᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠠᠮᠵᠢᠯᠴᠠᠨ ᠤᠬᠠᠭᠤᠯᠬᠤ ᠶᠢ ᠠᠬᠢᠭᠤᠯᠵᠤ᠂ ᠨᠠᠷᠢᠨ ᠨᠢᠮᠪᠠᠶ  ᠭᠦᠢᠴᠡᠳ ᠤᠬᠠᠭᠤᠯᠬᠤ ᠶᠢ ᠦᠨᠡᠨᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ  ᠠᠵᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ  ᠢ ᠪᠤᠢ ᠪᠣᠯᠭᠠᠬᠤ ᠬᠡᠷᠡᠭᠲᠡᠶ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号