ᠦᠨᠳᠦᠰᠦᠲᠡᠨ ᠤ ᠰᠤᠷᠭᠠᠭᠤᠯᠢ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢᠶᠠᠷ ᠬᠢᠴᠢᠶᠡᠯᠯᠡᠬᠦ ᠪᠠᠭᠰᠢ ᠨᠠᠷ ᠢ ᠬᠠᠶᠢᠷᠠᠯᠠᠵᠤ ᠬᠠᠯᠠᠮᠵᠢᠯᠠᠬᠤ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/1/6
                      ᠬᠥᠬᠡᠬᠤᠲᠠ ᠵᠠᠰᠠᠭ ᠦᠰᠦᠭ ﹇2020﹈ 149 ᠳ᠋ᠦ᠋ᠭᠡᠷ ᠲᠣᠭᠠᠲᠤ                           2020 ᠣᠨ ᠤ 9 ᠳ᠋ᠦ᠋ᠭᠡᠷ ᠰᠠᠷ᠎ᠠ ᠶᠢᠨ 9 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶ᠎ᠠ ᠪᠦᠬᠦᠢ ᠨᠢᠭᠡᠴᠡ᠄      ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ᠡᠳᠦᠭᠡ ︽ᠦᠨᠳᠦᠰᠦᠲᠡᠨ ᠤ ᠰᠤᠷᠭᠠᠭᠤᠯᠢ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢᠶᠠᠷ ᠬᠢᠴᠢᠶᠡᠯᠯᠡᠬᠦ ᠪᠠᠭᠰᠢ ᠨᠠᠷ ᠢ ᠬᠠᠶᠢᠷᠠᠯᠠᠵᠤ ᠬᠠᠯᠠᠮᠵᠢᠯᠠᠬᠤ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶ ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠨᠠᠷᠢᠨ ᠬᠢᠨᠠᠮᠠᠭᠠᠢ ᠨᠠᠶᠢᠳᠠᠪᠤᠷᠢᠵᠢᠭᠤᠯᠲᠤᠭᠠᠢ᠃     ᠦᠨᠳᠦᠰᠦᠲᠡᠨ ᠤ ᠰᠤᠷᠭᠠᠭᠤᠯᠢ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢᠶᠠᠷ ᠬᠢᠴᠢᠶᠡᠯᠯᠡᠬᠦ ᠪᠠᠭᠰᠢ ᠨᠠᠷ ᠢ ᠬᠠᠶᠢᠷᠠᠯᠠᠵᠤ ᠬᠠᠯᠠᠮᠵᠢᠯᠠᠬᠤ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶       ᠤᠯᠤᠰ ᠤᠨ ᠵᠢᠭᠠᠬᠤ ᠮᠠᠲ᠋ᠧᠷᠢᠶᠠᠯ ᠤᠨ ᠵᠥᠪᠯᠡᠯ ᠤᠨ ︽ᠪᠦᠬᠦ ᠤᠯᠤᠰ ᠤᠨ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ︵2019 - 2020︶︾ ᠶᠢᠨ ᠲᠣᠬᠢᠷᠠᠭᠤᠯᠤᠯᠲᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠠᠴᠠ ︽ᠪᠦᠬᠦ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ  ᠨᠤᠭᠤᠳ ᠤᠨ  ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠪᠠ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ︿ᠬᠡᠯᠡ ᠪᠢᠴᠢᠭ﹀ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠬᠡᠷᠡᠭᠵᠢᠭᠦᠯᠬᠦ ᠰᠠᠨᠠᠯ︾ ︵ᠥᠪᠥᠷ ᠰᠤᠷᠭᠠᠨ ᠲᠠᠷᠬᠠᠭᠠᠭᠰᠠᠨ ﹇2020﹈ 7 ᠳ᠋ᠤᠭᠠᠷ ᠲᠣᠭᠠᠲᠤ︶ ᠢ ᠪᠠᠭᠤᠯᠭᠠᠪᠠ᠃ ᠮᠠᠨ ᠤ ᠬᠤᠲᠠ ᠶᠢᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠤᠷᠤᠭᠰᠢᠲᠠᠢ ᠬᠡᠷᠡᠭᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︽ᠬᠡᠯᠡ ᠪᠢᠴᠢᠭ︾᠂ ︽ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︾ ᠪᠠ ︽ᠲᠡᠦᠬᠡ︾ ᠭᠤᠷᠪᠠᠨ ᠲᠥᠷᠥᠯ ᠤᠨ ᠬᠢᠴᠢᠶᠡᠯ ᠤᠨ ᠪᠠᠭᠰᠢ ︵ᠳᠣᠷᠣᠭᠰᠢ ︿ᠮᠣᠩᠭᠤᠯ ᠬᠢᠲᠠᠳ ᠬᠤᠣᠰ ᠬᠡᠯᠡᠨ ᠤ ᠪᠠᠭᠰᠢ﹀ ᠭᠡᠵᠦ ᠳᠥᠭᠦᠮᠴᠢᠯᠡᠨ᠎ᠡ︶ ᠶᠢᠨ ︿ᠠᠵᠢᠯᠳᠠᠨ ᠤ ᠶᠠᠪᠤᠳᠠᠯ ‍ᠤᠨ‌‍ᠪᠡᠶ᠎ᠡ ᠶᠢᠨ ᠭᠠᠷᠤᠯ᠂ ᠲᠤᠰᠢᠶᠠᠯ ᠮᠡᠷᠭᠡᠵᠢᠯ ᠤᠨ ᠴᠣᠯᠠ᠂ ᠴᠠᠯᠢᠩ ᠣᠯᠭᠤᠮᠵᠢ﹀ ᠶᠢ ᠬᠤᠪᠢᠷᠠᠭᠤᠯᠬᠤ ᠦᠭᠡᠢ ᠰᠠᠭᠤᠷᠢᠨ ᠳᠡᠭᠡᠷ᠎ᠡ᠂ ᠨᠢᠭᠡᠨ ᠲᠣᠭᠲᠠᠭᠤᠨ ᠪᠥᠭᠡᠳ ᠲᠤᠰᠬᠠᠢ ᠮᠡᠷᠭᠡᠰᠢᠭᠰᠡᠨ ᠮᠣᠩᠭᠤᠯ ᠬᠢᠲᠠᠳ ᠬᠤᠣᠰ ᠬᠡᠯᠡᠨ ᠤ ᠪᠠᠭᠰᠢ ᠶᠢᠨ ᠡᠩᠨᠡᠭᠡ ᠶᠢ ᠪᠠᠶᠢᠭᠤᠯᠬᠤ ᠶᠢᠨ ᠲᠤᠰᠠᠳᠠ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠲᠣᠭᠲᠠᠭᠠᠪᠠ᠄      ᠨᠢᠭᠡ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠮᠣᠩᠭᠤᠯ ᠬᠢᠲᠠᠳ ᠬᠤᠣᠰ ᠬᠡᠯᠡᠨ ᠤ ᠪᠠᠭᠰᠢ ᠶᠢ ᠨᠥᠬᠦᠪᠦᠷᠢᠯᠡᠬᠦ ᠲᠣᠭᠲᠠᠴᠠ ᠶᠢ ᠪᠠᠶᠢᠭᠤᠯᠤᠨ᠎ᠠ      ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠶᠢᠨ ᠪᠠᠷᠢᠮᠵᠢᠶ᠎ᠠ ᠶᠣᠰᠣᠭᠠᠷ᠂ ᠲᠣᠭᠲᠠᠭᠰᠠᠨ ᠬᠦᠷᠢᠶ᠎ᠡ ᠬᠡᠪᠴᠢᠶᠡᠨ ᠤ ᠳᠣᠲᠣᠷ᠎ᠠ᠂ ᠰᠢᠨ᠎ᠡ ᠪᠠᠷ ᠨᠡᠮᠡᠭᠳᠡᠭᠰᠡᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠭᠤᠷᠪᠠᠨ ᠲᠥᠷᠥᠯ ᠤᠨ ᠬᠢᠴᠢᠶᠡᠯ ᠤᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠮᠣᠩᠭᠤᠯ ᠬᠢᠲᠠᠳ ᠬᠤᠣᠰ ᠬᠡᠯᠡᠨ ᠤ ᠪᠠᠭᠰᠢ ᠶᠢᠨ ᠣᠷᠣᠨ ᠲᠤᠭ᠎ᠠ ᠶᠢ ᠲᠤᠰᠠᠭᠠᠷ ᠭᠠᠷᠭᠠᠨ᠎ᠠ᠃ ᠮᠠᠨ ᠤ ᠬᠤᠲᠠ ᠶᠢᠨ ᠮᠣᠩᠭᠤᠯ ᠬᠢᠲᠠᠳ ᠬᠤᠣᠰ ᠬᠡᠯᠡᠨ ᠤ ᠪᠠᠭᠰᠢ ᠶᠢ ᠡᠯᠰᠡᠨ ᠬᠡᠷᠡᠭᠯᠡᠬᠦ ᠵᠢᠴᠢ ᠴᠢᠳᠠᠪᠤᠷᠢᠲᠠᠨ ᠤᠷᠢᠬᠤ ᠠᠵᠢᠯ ᠳᠤᠮᠳᠠ ᠨᠠᠰᠤ᠂ ᠰᠤᠷᠤᠯᠭ᠎ᠠ ᠶᠢᠨ ᠨᠠᠮᠲᠠᠷ ᠵᠡᠷᠭᠡ ᠨᠥᠬᠦᠴᠡᠯ ᠢ ᠵᠣᠬᠢᠰᠲᠠᠢ ᠠᠭᠤᠵᠢᠭᠤ ᠲᠠᠯᠪᠢᠵᠤ᠂ ᠰᠢᠯᠢᠳᠡᠭ ᠢ ᠰᠣᠩᠭᠤᠨ ᠬᠡᠷᠡᠭᠯᠡᠨ᠎ᠡ᠃      ᠬᠤᠶᠠᠷ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠮᠣᠩᠭᠤᠯ ᠬᠢᠲᠠᠳ ᠬᠤᠣᠰ ᠬᠡᠯᠡᠨ ᠤ ᠪᠠᠭᠰᠢ ᠶᠢ ᠬᠥᠮᠥᠵᠢᠭᠦᠯᠬᠦ ᠲᠣᠭᠲᠠᠴᠠ ᠶᠢ ᠪᠠᠶᠢᠭᠤᠯᠤᠨ᠎ᠠ      2020 ᠣᠨ ᠤ ᠨᠠᠮᠤᠷ ᠰᠤᠷᠭᠠᠭᠤᠯᠢ ᠡᠬᠢᠯᠡᠬᠦ ᠠᠴᠠ ᠡᠬᠢᠯᠡᠨ᠂ ᠬᠤᠲᠠ ᠶᠢᠨ ᠰᠤᠷᠭᠠᠨ ᠬᠥᠮᠥᠵᠢᠯ ᠤᠨ ᠲᠣᠪᠴᠢᠶᠠᠨ ᠠᠴᠠ ᠰᠤᠷᠤᠯᠭ᠎ᠠ ᠶᠢᠨ ᠬᠤᠭᠤᠴᠠᠭ᠎ᠠ ᠪᠦᠷᠢ ᠮᠣᠩᠭᠤᠯ ᠬᠢᠲᠠᠳ ᠬᠤᠣᠰ ᠬᠡᠯᠡᠨ ᠤ ᠪᠠᠭᠰᠢ ᠨᠠᠷ ᠢ ᠵᠣᠬᠢᠶᠠᠨ ᠪᠠᠶᠢᠭᠤᠯᠤᠨ ᠨᠡᠶᠢᠲᠡᠯᠢᠭ ᠬᠡᠯᠡ ᠶᠢᠨ ᠬᠢᠷᠢ ᠲᠦᠪᠰᠢᠨ ᠤ ᠪᠣᠯᠪᠠᠰᠤᠷᠠᠭᠤᠯᠤᠯ ᠪᠣᠯᠣᠨ ᠰᠢᠯᠭᠠᠯᠲᠠ ᠬᠢᠵᠦ᠂ ᠨᠡᠶᠢᠲᠡᠯᠢᠭ ᠬᠡᠯᠡ ᠶᠢᠨ ᠰᠢᠯᠭᠠᠯᠲᠠ ᠳᠤ ᠬᠢᠷᠢ ᠲᠡᠩᠴᠡᠭᠰᠡᠨ ᠳᠤ ᠰᠤᠷᠭᠠᠨ ᠬᠥᠮᠥᠵᠢᠯ ᠤᠨ ᠲᠣᠪᠴᠢᠶᠠᠨ ᠠᠴᠠ ︽ᠬᠥᠬᠡᠬᠤᠲᠠ ᠶᠢᠨ ᠮᠣᠩᠭᠤᠯ ᠬᠢᠲᠠᠳ ᠬᠤᠣᠰ ᠬᠡᠯᠡᠨ︾ ᠤ ᠪᠠᠭᠰᠢ ᠶᠢᠨ ᠦᠨᠡᠮᠯᠡᠯ ᠣᠯᠭᠤᠨ᠎ᠠ᠃ ᠮᠣᠩᠭᠤᠯ ᠬᠢᠲᠠᠳ ᠬᠤᠣᠰ ᠬᠡᠯᠡᠨ ᠤ ᠪᠠᠭᠰᠢ ᠶᠢᠨ ᠦᠨᠡᠮᠯᠡᠯ ᠢ ᠣᠯᠣᠭᠰᠠᠨ ᠪᠠᠭᠰᠢ ᠳᠤ ᠤᠷᠢᠳᠠᠪᠠᠷ ᠲᠤᠰᠬᠠᠢ ᠮᠡᠷᠭᠡᠵᠢᠯ ᠤᠨ ᠴᠣᠯᠠ ᠲᠤᠭᠲᠠᠭᠠᠵᠤ ᠲᠣᠮᠢᠯᠠᠵᠤ ᠬᠡᠷᠡᠭᠯᠡᠨ᠎ᠡ᠃ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠭᠤᠷᠪᠠᠨ ᠲᠥᠷᠥᠯ ᠤᠨ ᠬᠢᠴᠢᠶᠡᠯ ᠤᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠮᠣᠩᠭᠤᠯ ᠬᠢᠲᠠᠳ ᠬᠤᠣᠰ ᠬᠡᠯᠡᠨ ᠤ ᠪᠠᠭᠰᠢ ᠲᠤᠰᠬᠠᠢ ᠮᠡᠷᠭᠡᠵᠢᠯ ᠤᠨ ᠬᠢᠷᠢ ᠬᠡᠮ ᠢ ᠭᠤᠶᠤᠴᠢᠯᠠᠨ ᠮᠡᠳᠡᠭᠦᠯᠦᠭᠰᠡᠨ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠲᠦᠪᠰᠢᠨ ᠢ ᠦᠨᠡᠯᠡᠬᠦ ᠪᠠᠷᠢᠮᠵᠢᠶ᠎ᠠ ᠨᠥᠬᠦᠴᠡᠯ ︵ᠲᠤᠷᠰᠢᠨ ᠬᠡᠷᠡᠭᠵᠢᠭᠦᠯᠬᠦ︶︾ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠳᠠᠯ ᠳᠣᠣᠷ᠎ᠠ᠂ ᠲᠤᠰ ᠨᠢᠭᠡᠴᠡ ᠶᠢᠨ ᠳᠤᠮᠳᠠ ᠳᠡᠭᠡᠳᠦ ᠲᠡᠰ ᠤᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠢ ᠵᠣᠬᠢᠰᠲᠠᠢ ᠨᠡᠮᠡᠭᠳᠡᠭᠦᠯᠵᠦ ᠪᠣᠯᠣᠨ᠎ᠠ︔ ᠳᠣᠣᠷ᠎ᠠ ᠨᠢᠭᠡ ᠲᠡᠰ ᠤᠨ ᠠᠵᠢᠯ ᠤᠨ ᠪᠠᠶᠢᠷᠢ ᠳᠤ ᠲᠣᠮᠢᠯᠠᠭᠳᠠᠨ ᠠᠵᠢᠯᠯᠠᠭᠰᠠᠨ ᠴᠠᠭ ᠬᠤᠭᠤᠴᠠᠭᠠᠨ ᠤ ᠬᠢᠵᠠᠭᠠᠷᠯᠠᠯ ᠳᠤ ᠬᠢᠵᠠᠭᠠᠷᠯᠠᠭᠳᠠᠬᠤ ᠦᠭᠡᠢ ᠪᠠᠶᠢᠵᠤ᠂ ᠤᠷᠢᠳᠠᠪᠠᠷ ᠲᠠᠨᠢᠯᠴᠠᠭᠤᠯᠤᠨ ᠭᠤᠶᠤᠴᠢᠯᠠᠨ ᠮᠡᠳᠡᠭᠦᠯᠵᠦ᠂ ᠤᠷᠢᠳᠠᠪᠠᠷ ᠦᠨᠡᠯᠡᠨ ᠤᠷᠢᠨ ᠬᠡᠷᠡᠭᠯᠡᠵᠦ᠂ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ ᠳᠤ ᠠᠳᠠᠯᠢ ᠨᠥᠬᠦᠴᠡᠯ ᠤᠨ ᠳᠣᠤᠷ᠎ᠠ ᠬᠡᠯᠪᠠᠶᠢᠯᠭᠡᠨ᠎ᠡ᠃      ᠭᠤᠷᠪᠠ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠰᠢᠯᠵᠢᠯᠲᠡ ᠶᠢᠨ ᠬᠤᠭᠤᠴᠠᠭᠠᠨ ᠤ ᠲᠤᠰᠬᠠᠢ ᠪᠠ ᠲᠤᠰᠢᠶᠠᠯ ᠬᠠᠪᠰᠤᠷᠭᠠᠭᠰᠠᠨ ᠬᠠᠪᠰᠤᠷᠤᠨ ᠵᠢᠯᠣᠭᠤᠳᠤᠭᠴᠢ ᠶᠢᠨ ᠳᠦᠷᠢᠮ ᠢ ᠪᠠᠶᠢᠭᠤᠯᠤᠨ᠎ᠠ      ᠠᠵᠢᠯ ᠤᠨ ᠪᠠᠶᠢᠷᠢᠨ ᠳᠠᠭᠠᠨ ᠪᠠᠶᠢᠭ᠎ᠠ ᠪᠠᠭᠰᠢ᠂ ᠮᠣᠩᠭᠤᠯ ᠬᠢᠲᠠᠳ ᠬᠤᠣᠰ ᠬᠡᠯᠡᠨ ᠤ ᠪᠠᠭᠰᠢ ᠶᠢᠨ ᠲᠤᠰᠬᠠᠢ ᠪᠠ ᠲᠤᠰᠢᠶᠠᠯ ᠬᠠᠪᠰᠤᠷᠭᠠᠭᠰᠠᠨ ᠬᠠᠪᠰᠤᠷᠤᠨ ᠵᠢᠯᠣᠭᠤᠳᠤᠭᠴᠢ ᠪᠣᠯᠬᠤ ᠶᠢ ᠵᠣᠷᠢᠭᠵᠢᠭᠤᠯᠵᠤ᠂ ᠤᠯᠤᠰ ᠤᠨ ᠨᠡᠶᠢᠳᠡᠮ ᠬᠡᠷᠡᠭᠯᠡᠭᠡᠨ ᠤ ᠦᠭᠡ ᠬᠡᠯᠡ ᠦᠰᠦᠭ ᠪᠢᠴᠢᠭ ᠢ ᠰᠤᠷᠤᠯᠴᠠᠬᠤ ᠳᠤ ᠬᠦᠴᠢᠷᠲᠡᠢ ᠰᠤᠷᠤᠭᠴᠢᠳ ᠲᠤ ᠬᠢᠴᠢᠶᠡᠯ ᠤᠨ ᠭᠠᠳᠠᠨᠠᠬᠢ ᠦᠢᠯᠡᠴᠢᠯᠡᠭᠡ ᠬᠠᠩᠭᠠᠵᠤ᠂ ᠠᠳᠠᠯᠢ ᠪᠤᠰᠤ ᠰᠤᠷᠤᠯᠭ᠎ᠠ ᠶᠢᠨ ᠬᠢᠷᠢ ᠲᠦᠪᠰᠢᠨ ᠲᠠᠢ ᠰᠤᠷᠤᠭᠴᠢᠳ ᠲᠤ ᠬᠠᠨᠳᠤᠭᠤᠯᠤᠨ ᠤᠯᠤᠰ ᠤᠨ ᠨᠡᠶᠢᠳᠡᠮ ᠬᠡᠷᠡᠭᠯᠡᠭᠡᠨ ᠤ ᠵᠢᠭᠠᠬᠤ ᠮᠠᠲ᠋ᠧᠷᠢᠶᠠᠯ ᠤᠨ ᠬᠢᠴᠢᠶᠡᠯ ᠢ ᠲᠡᠰ ᠬᠤᠪᠢᠶᠠᠨ ᠵᠢᠯᠣᠭᠤᠳᠤᠨ᠎ᠠ᠃ ᠡᠯ᠎ᠡ ᠰᠤᠷᠭᠠᠭᠤᠯᠢ ᠪᠠᠰᠠ ᠨᠡᠶᠢᠭᠡᠮ ᠤᠨ ᠰᠠᠶᠢᠨ ᠳᠤᠷ᠎ᠠ ᠶᠢᠨ ᠬᠥᠮᠥᠰ᠂ ᠠᠵᠢᠯ ᠠᠴᠠ ᠪᠠᠨ ᠠᠮᠠᠷᠠᠭᠰᠠᠨ ᠮᠣᠩᠭᠤᠯ ᠬᠢᠲᠠᠳ ᠬᠤᠣᠰ ᠬᠡᠯᠡᠨ ᠤ ᠺᠠᠳ᠋ᠷᠴᠤᠳ ︵ᠪᠠᠭᠰᠢᠨᠠᠷ︶ ᠢ ᠳᠠᠶᠢᠴᠢᠯᠠᠬᠤ᠂ ᠨᠡᠶᠢᠭᠡᠮ ᠳᠡᠭᠡᠷᠡᠬᠢ ᠬᠢᠷᠢ ᠬᠡᠮ ᠲᠠᠢ ᠭᠤᠷᠪᠠᠳᠠᠭᠢ ᠡᠲᠡᠭᠡᠳ ᠤᠨ ᠦᠢᠯᠡᠴᠢᠯᠡᠭᠡ ᠶᠢ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠰᠤᠷᠭᠠᠭᠤᠯᠢ ᠳᠤ ᠠᠪᠴᠢᠷᠠᠨ ᠦᠢᠯᠡᠴᠢᠯᠡᠭᠦᠯᠵᠦ ᠪᠣᠯᠣᠨ᠎ᠠ᠃ ᠬᠢᠴᠢᠶᠡᠯ ᠤᠨ ᠭᠠᠳᠠᠨᠠᠬᠢ ᠦᠢᠯᠡᠴᠢᠯᠡᠭᠡ ᠶᠢ ᠰᠤᠷᠤᠭᠴᠢᠳ ᠰᠠᠶᠢᠨ ᠳᠤᠷ᠎ᠠ ᠠᠴᠠ ᠪᠠᠨ ᠭᠤᠶᠤᠴᠢᠯᠠᠨ᠂ ᠰᠤᠷᠭᠠᠭᠤᠯᠢ ᠠᠴᠠ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠬᠢᠴᠢᠶᠡᠯ ᠤᠨ ᠭᠠᠳᠠᠨᠠᠬᠢ ᠦᠢᠯᠡᠴᠢᠯᠡᠭᠡ ᠡᠩ ᠤᠨ ᠬᠢᠴᠢᠶᠡᠯ ᠤᠨ ᠴᠠᠭ ᠤᠨ ᠲᠣᠬᠢᠷᠠᠭᠤᠯᠭ᠎ᠠ ᠶᠢ ᠡᠵᠡᠯᠡᠵᠦ ᠪᠣᠯᠬᠤ ᠦᠭᠡᠢ᠃ ᠬᠠᠪᠰᠤᠷᠤᠨ ᠵᠢᠯᠣᠭᠤᠳᠤᠭᠴᠢ ᠪᠦᠷᠢ 5 - 10 ᠰᠤᠷᠤᠭᠴᠢ ᠶᠢ ᠵᠢᠯᠣᠭᠤᠳᠴᠤ᠂ ᠰᠤᠷᠭᠠᠭᠤᠯᠢ ᠳᠤ ᠵᠢᠯᠣᠭᠤᠳᠤᠭᠰᠠᠨ ᠬᠢᠴᠢᠶᠡᠯ ᠤᠨ ᠴᠠᠭ ᠢ ᠪᠠᠭᠰᠢ ᠶᠢᠨ ᠠᠵᠢᠯ ᠤᠨ ᠬᠡᠮᠵᠢᠶ᠎ᠡ ᠳᠤ ᠪᠣᠳᠣᠨ ᠣᠷᠣᠭᠤᠯᠵᠤ᠂ ᠬᠢᠴᠢᠶᠡᠯ ᠤᠨ ᠴᠠᠭ ᠠᠴᠠ ᠬᠡᠲᠦᠷᠡᠭᠰᠡᠨ ᠳᠤ ᠬᠠᠷᠠᠭᠠᠯᠵᠠᠭᠰᠠᠨ ᠣᠯᠭᠤᠮᠵᠢ ᠣᠯᠭᠤᠨ᠎ᠠ᠃ ᠪᠤᠰᠤᠳ ᠨᠡᠶᠢᠭᠡᠮ ᠤᠨ ᠬᠦᠴᠦᠨ ᠠᠴᠠ ᠬᠢᠴᠢᠶᠡᠯ ᠤᠨ ᠭᠠᠳᠠᠨᠠᠬᠢ ᠵᠢᠯᠣᠭᠤᠳᠤᠯᠭ᠎ᠠ ᠳᠤ ᠣᠷᠣᠯᠴᠠᠭᠰᠠᠨ ᠳᠤ ᠵᠣᠬᠢᠬᠤ ᠨᠥᠬᠦᠪᠦᠷᠢ ᠣᠯᠭᠤᠵᠤ ᠪᠣᠯᠣᠨ᠎ᠠ᠃      ᠳᠥᠷᠪᠡ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠮᠣᠩᠭᠤᠯ ᠬᠢᠲᠠᠳ ᠬᠤᠣᠰ ᠬᠡᠯᠡᠨ ᠤ ᠪᠠᠭᠰᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠦᠨ᠎ᠡ     ᠮᠠᠨ ᠤ ᠬᠤᠲᠠ ︽ᠪᠦᠬᠦ ᠣᠷᠣᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ︿ᠬᠡᠯᠡ ᠪᠢᠴᠢᠭ﹀ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠨᠠᠶᠢᠳᠠᠪᠤᠷᠢᠵᠢᠭᠤᠯᠵᠤ ᠪᠠᠭᠰᠢ ᠶᠢᠨ ᠪᠣᠯᠪᠠᠰᠤᠷᠠᠭᠤᠯᠤᠯ ᠢ ᠠᠬᠢᠭᠤᠯᠬᠤ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠮᠣᠩᠭᠤᠯ ᠬᠢᠲᠠᠳ ᠬᠤᠣᠰ ᠬᠡᠯᠡᠨ ᠤ ᠪᠠᠭᠰᠢ ᠳᠤ ᠲᠥᠯᠥᠪᠦᠷᠢ ᠦᠭᠡᠢ ᠪᠠᠷ ᠠᠵᠢᠯ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠬᠦᠷᠲᠡᠭᠡᠵᠦ᠂ ᠪᠣᠯᠪᠠᠰᠤᠷᠠᠭᠤᠯᠤᠯ ᠳᠤ ᠣᠷᠣᠯᠴᠠᠭᠰᠠᠨ ᠴᠠᠭ ᠢ ᠪᠠᠭᠰᠢ ᠶᠢᠨ ᠠᠵᠢᠯ ᠤᠨ ᠬᠡᠮᠵᠢᠶ᠎ᠡ ᠳᠤ ᠪᠣᠳᠣᠨ ᠣᠷᠣᠭᠤᠯᠤᠨ᠎ᠠ᠃ ᠮᠣᠩᠭᠤᠯ ᠬᠢᠲᠠᠳ ᠬᠤᠣᠰ ᠬᠡᠯᠡᠨ ᠤ ᠪᠠᠭᠰᠢ ᠶᠢ ᠪᠦᠬᠦᠨ ᠢ ᠬᠥᠬᠡᠬᠤᠲᠠ ᠶᠢᠨ ᠬᠤᠶᠠᠳᠤᠭᠠᠷ ᠡᠭᠡᠯᠵᠢ ᠶᠢᠨ ︽ᠨᠡᠷᠡᠲᠦ ᠪᠠᠭᠰᠢ ᠶᠢᠨ ᠢᠨᠵᠧᠨᠧᠷᠢᠩ︾ ᠳᠤ ᠣᠷᠣᠭᠤᠯᠵᠤ ᠂ ᠬᠢᠴᠢᠶᠡᠯ ᠲᠥᠷᠥᠯ ᠤᠨ ᠨᠡᠷᠡᠲᠦ ᠪᠠᠭᠰᠢ ᠶᠢᠨ ᠠᠵᠢᠯ ᠤᠨ ᠭᠡᠷ ᠢᠶᠠᠷ ᠨᠢᠭᠡᠴᠢ ᠪᠣᠯᠭᠠᠨ᠂ ᠬᠠᠨᠳᠤᠯᠭᠠᠲᠤ ᠴᠢᠨᠠᠷ ᠲᠠᠢ ᠰᠢᠷᠢᠰ ᠠᠵᠢᠯᠯᠠᠭ᠎ᠠ ᠥᠷᠨᠢᠭᠦᠯᠵᠦ᠂ ᠲᠥᠪᠯᠡᠷᠡᠭᠦᠯᠦᠨ ᠪᠣᠯᠪᠠᠰᠤᠷᠠᠭᠤᠯᠬᠤ᠂ ᠰᠦᠯᠵᠢᠶᠡᠨ ᠳᠡᠭᠡᠷ᠎ᠡ ᠪᠣᠯᠪᠠᠰᠤᠷᠠᠭᠤᠯᠬᠤ᠂ ᠰᠤᠷᠭᠠᠭᠤᠯᠢ ᠳᠠᠭᠠᠨ ᠰᠤᠳᠤᠯᠤᠨ ᠰᠤᠷᠤᠯᠴᠠᠬᠤ ᠵᠢᠴᠢ ︽ᠨᠢᠭᠡ ᠳᠤ ᠨᠢᠭᠡ ᠬᠠᠷᠠᠭᠠᠯᠵᠠᠭᠰᠠᠨ︾ ᠠᠵᠢᠯ ᠤᠨ ᠪᠠᠶᠢᠷᠢ ᠶᠢ ᠳᠠᠭᠠᠵᠤ ᠪᠣᠯᠪᠠᠰᠤᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠲᠤᠰᠬᠠᠢ ᠰᠡᠳᠦᠪ ᠤᠨ᠂ ᠰᠢᠰᠲ᠋ᠧᠮ ᠲᠠᠢ᠂ ᠰᠦᠪᠡᠭᠴᠢᠯᠡᠯᠲᠡ ᠶᠢᠨ ᠴᠢᠨᠠᠷᠲᠠᠢ ᠰᠤᠷᠤᠯᠴᠠᠯᠭ᠎ᠠ ᠰᠤᠳᠤᠯᠤᠯᠲᠠ ᠬᠢᠵᠦ᠂ ᠮᠣᠩᠭᠤᠯ ᠬᠢᠲᠠᠳ ᠬᠤᠣᠰ ᠬᠡᠯᠡᠨ ᠤ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠪᠠᠲᠤᠯᠠᠭ᠎ᠠ ᠬᠠᠩᠭᠠᠨ᠎ᠠ᠃      ᠲᠠᠪᠤ᠂ ᠬᠥᠬᠡᠬᠤᠲᠠ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︽ᠬᠡᠯᠡ ᠪᠢᠴᠢᠭ︾᠂ ︽ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︾᠂ ︽ᠲᠡᠦᠬᠡ︾ ᠶᠢᠨ ᠬᠢᠴᠢᠶᠡᠯ ᠤᠨ ᠬᠤᠣᠰ ᠬᠡᠯᠡᠨ ᠤ ᠵᠢᠭᠠᠨ ᠰᠤᠷᠭᠠᠯᠲᠠ ᠶᠢᠨ ᠲᠤᠰᠠᠯᠠᠬᠤ ᠡᠬᠢ ᠪᠠᠶᠠᠯᠢᠭ ᠢ ᠪᠠᠶᠢᠭᠤᠯᠤᠨ᠎ᠠ      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠡᠭᠦᠯᠡᠨ ᠲᠠᠪᠴᠠᠩ᠂ ᠮᠣᠩᠭᠤᠯ ᠬᠡᠯᠡᠨ ᠤ ᠡᠬᠢ ᠪᠠᠶᠠᠯᠢᠭ ᠤᠨ ᠰᠦᠯᠵᠢᠶ᠎ᠡ ᠪᠠ ᠥᠪᠥᠷ ᠮᠣᠩᠭᠤᠯ ᠤᠨ ᠤᠲᠠᠰᠤᠲᠤ ᠲᠧᠯᠸᠢᠰ ᠤᠨ ︽ᠢᠵᠢᠯ ᠠᠯᠬᠤᠮᠲᠤ ᠬᠢᠴᠢᠶᠡᠯ ᠤᠨ ᠲᠠᠩᠬᠢᠮ︾ ᠵᠡᠷᠭᠡ ᠰᠤᠷᠭᠠᠨ ᠬᠥᠮᠥᠵᠢᠯ ᠤᠨ ᠡᠬᠢ ᠪᠠᠶᠠᠯᠢᠭ ᠢ ᠠᠰᠢᠭᠯᠠᠨ᠂ ᠪᠠᠭᠰᠢ ᠶᠢᠨ ᠲᠤᠰᠬᠠᠢ ᠲᠥᠷᠥᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠷᠭ᠎ᠠ ᠪᠣᠳᠣᠯᠭ᠎ᠠ ᠶᠢ ᠰᠤᠳᠤᠯᠵᠤ᠂ ᠪᠠᠭᠰᠢ ᠨᠠᠷ ᠲᠤ ᠵᠢᠭᠠᠬᠤ ᠮᠠᠲ᠋ᠧᠷᠢᠶᠠᠯ ᠢ ᠨᠠᠶᠢᠷᠠᠭᠤᠯᠤᠭᠰᠠᠨ ᠣᠨᠣᠯᠵᠢᠬᠤᠨ᠂ ᠨᠠᠶᠢᠷᠠᠭᠤᠯᠤᠨ ᠪᠢᠴᠢᠭᠰᠡᠨ ᠬᠡᠯᠪᠡᠷᠢ᠂ ᠪᠣᠳᠠᠲᠠᠢ ᠠᠭᠤᠯᠭ᠎ᠠ ᠪᠠ ᠱᠠᠭᠠᠷᠳᠠᠯᠭ᠎ᠠ ᠶᠢ ᠲᠣᠳᠣᠷᠬᠠᠢ ᠲᠠᠨᠢᠭᠤᠯᠤᠨ᠎ᠠ᠃ ᠬᠥᠬᠡᠬᠤᠲᠠ ᠶᠢᠨ ᠰᠤᠷᠭᠠᠨ ᠬᠥᠮᠥᠵᠢᠯ ᠤᠨ ᠡᠭᠦᠯᠡᠨ ᠲᠠᠪᠴᠠᠩ ᠢᠶᠠᠷ ᠳᠠᠮᠵᠢᠭᠤᠯᠤᠨ᠂ ᠬᠢᠴᠢᠶᠡᠯ ᠤᠨ ᠰᠤᠳᠤᠯᠤᠯᠲᠠ᠂ ᠦᠯᠢᠭᠡᠷ ᠵᠢᠱᠢᠶ᠎ᠡ ᠶᠢ ᠳᠡᠯᠭᠡᠨ ᠦᠵᠡᠭᠦᠯᠬᠦ ᠶᠢ ᠴᠢᠩᠭᠠᠳᠬᠠᠨ᠂ ᠮᠣᠩᠭᠤᠯ ᠬᠢᠲᠠᠳ ᠬᠤᠣᠰ ᠬᠡᠯᠡᠨ ᠤ ᠪᠠᠭᠰᠢ ᠶᠢᠨ ᠵᠢᠭᠠᠨ ᠰᠤᠷᠭᠠᠯᠲᠠ ᠪᠠ ᠪᠣᠯᠪᠠᠰᠤᠷᠠᠭᠤᠯᠤᠯ ᠳᠤ ᠬᠡᠷᠡᠭᠯᠡᠭᠦᠯᠵᠦ᠂ ᠭᠠᠵᠠᠷ ᠣᠷᠣᠨ᠂ ᠰᠤᠷᠭᠠᠭᠤᠯᠢ᠂ ᠰᠤᠷᠤᠯᠭ᠎ᠠ ᠶᠢᠨ ᠱᠠᠲᠤᠨ ᠳᠤ ᠪᠦᠬᠦᠨ ᠢ ᠪᠦᠷᠬᠦᠭᠦᠯᠬᠦ ᠪᠠᠷ ᠴᠢᠷᠮᠠᠶᠢᠨ᠎ᠠ᠃      ᠵᠢᠷᠭᠤᠭ᠎ᠠ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︽ᠬᠡᠯᠡ ᠪᠢᠴᠢᠭ︾᠂ ︽ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︾᠂ ︽ᠲᠡᠦᠬᠡ︾ ᠶᠢᠨ ᠬᠢᠴᠢᠶᠡᠯ ᠢ ᠦᠨᠡᠯᠡᠬᠦ ᠪᠠᠷᠢᠮᠵᠢᠶ᠎ᠠ ᠳᠤ ᠵᠣᠬᠢᠬᠤ ᠲᠣᠬᠢᠷᠠᠭᠤᠯᠤᠯᠲᠠ ᠬᠢᠨ᠎ᠡ      ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠰᠤᠷᠤᠭᠴᠢᠳ ᠤᠨ ᠲᠠᠨᠢᠬᠤᠢ ᠶᠢᠨ ᠬᠢᠷᠢ ᠲᠦᠪᠰᠢᠨ ᠪᠠ ᠬᠢᠴᠢᠶᠡᠯ ᠤᠨ ᠴᠠᠭ ᠤᠨ ᠪᠦᠲᠦᠴᠡ ᠶᠢ ᠦᠨᠳᠦᠰᠦᠯᠡᠨ᠂ ᠵᠢᠭᠠᠨ ᠰᠤᠷᠭᠠᠯᠲᠠ ᠶᠢᠨ ᠬᠠᠷᠠᠯᠲᠠ ᠪᠠᠨ ᠵᠦᠢ ᠵᠣᠬᠢᠰᠲᠠᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠢᠴᠢᠶᠡᠯ ᠤᠨ ᠬᠡᠯᠪᠡᠷᠢ ᠶᠢ ᠠᠮᠢᠳᠤᠯᠢᠭ ᠲᠣᠬᠢᠷᠠᠭᠤᠯᠤᠨ᠂ ︽ᠬᠥᠬᠡᠬᠤᠲᠠ ᠶᠢᠨ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠯᠭᠰᠠᠨ ᠵᠢᠭᠠᠬᠤ ᠮᠠᠲ᠋ᠧᠷᠢᠶᠠᠯ ᠤᠨ ᠡᠯ᠎ᠡ ᠬᠢᠴᠢᠶᠡᠯ ᠲᠥᠷᠥᠯ ᠢ ᠦᠨᠡᠯᠡᠬᠦ ᠪᠠᠷᠢᠮᠵᠢᠶ᠎ᠠ︾ ᠶᠢ ᠰᠤᠳᠤᠯᠤᠨ ᠲᠣᠭᠲᠠᠭᠠᠨ᠎ᠠ᠃ ᠰᠤᠷᠭᠠᠭᠤᠯᠢ ᠳᠠᠩ ᠭᠠᠭᠴᠠ ᠰᠤᠷᠤᠭᠴᠢᠳ ᠤᠨ ᠰᠢᠯᠭᠠᠯᠲᠠ ᠶᠢᠨ ᠬᠢᠷᠢ ᠪᠦᠲᠦᠮᠵᠢ ᠪᠠᠷ ᠭᠤᠷᠪᠠᠨ ᠲᠥᠷᠥᠯ ᠤᠨ ᠬᠢᠴᠢᠶᠡᠯ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠨ᠂ ᠤᠯᠤᠰ ᠤᠨ ᠨᠡᠶᠢᠳᠡᠮ ᠬᠡᠷᠡᠭᠯᠡᠭᠡᠨ ᠤ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠵᠦ ᠪᠠᠶᠢᠭ᠎ᠠ ᠪᠠᠭᠰᠢ ᠳᠤ ᠵᠢᠭᠠᠨ ᠰᠤᠷᠭᠠᠯᠲᠠ ᠶᠢᠨ ᠦᠨᠡᠯᠡᠯᠲᠡ ᠬᠢᠵᠦ ᠪᠣᠯᠬᠤ ᠦᠭᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号