ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠯᠢ ᠰᠢᠶᠠ︶ ᠰᠤᠷᠪᠤᠯᠵᠢᠯᠠᠭᠴᠢ | ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2021 ᠣᠨ ᠤ | ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠬᠤᠲᠠ ᠰᠣᠶᠣᠯ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠬᠢᠵᠢᠭ ᠢ ᠰᠡᠷᠭᠡᠶᠢᠯᠡᠨ ᠬᠤᠷᠢᠬᠯᠠᠬᠤ᠂ ᠵᠢᠭᠤᠯᠴᠢᠯᠠᠯ ᠤᠨ ᠠᠮᠤᠷ ᠲᠦᠪᠰᠢᠨ ᠪᠠ | ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ᠥᠷᠭᠡᠨ ᠣᠯᠠᠨ ᠵᠢᠭᠤᠯᠴᠢᠯᠠᠭᠰᠠᠳ ᠢ ᠭᠠᠳᠠᠬᠰᠢ ᠭᠠᠷᠬᠤ ᠳᠤ ᠨᠠᠩ ᠰᠡᠳᠬᠢᠯ ᠠᠮᠤᠷ᠂ ᠬᠡᠷᠡᠭᠯᠡᠭᠡ ᠬᠢᠭᠦ ᠳᠤ ᠨᠠᠩ | ᠰᠠᠨᠠᠭ᠎ᠠ ᠠᠮᠤᠷ᠂ ᠵᠢᠭᠤᠯᠴᠢᠯᠠᠬᠤ ᠳᠤ ᠨᠠᠩ ᠲᠠᠭᠠᠯᠠᠮᠵᠢᠲᠠᠶ ᠪᠣᠯᠭᠠᠪᠠ᠃ ᠬᠢᠵᠢᠭ ᠢ ᠰᠡᠷᠭᠡᠶᠢᠯᠡᠨ ᠬᠤᠷᠢᠬᠯᠠᠬᠤ ᠶᠢ | ᠪᠠᠶᠢᠩᠭᠤᠵᠢᠭᠤᠯᠤᠭᠰᠠᠨ ᠪᠠᠶᠢᠳᠠᠯ ᠳᠣᠤᠷ᠎ᠠ᠂ ᠮᠠᠨ ᠤ ᠬᠤᠲᠠ ᠶᠢᠨ ᠰᠢᠨ᠎ᠡ ᠵᠢᠯ ᠤᠨ ᠰᠢᠨ᠎ᠡ ᠶᠢᠨ ᠨᠢᠭᠡᠨ ᠤ | ᠵᠢᠭᠤᠯᠴᠢᠯᠠᠯ ᠤᠨ ᠵᠠᠬ᠎ᠠ ᠳᠡᠯᠭᠡᠭᠦᠷ ᠲᠣᠭᠲᠠᠭᠤᠨ᠂ ᠠᠮᠤᠷ ᠲᠦᠪᠰᠢᠨ᠂ ᠡᠮᠬᠢ ᠵᠢᠷᠤᠮ ᠲᠠᠢ ᠪᠤᠯᠵᠠᠢ᠃ ᠰᠢᠨ᠎ᠡ | ᠵᠢᠯ ᠤᠨ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠬᠤᠲᠠ ᠤᠯᠤᠰ ᠤᠨ ᠳᠣᠲᠣᠭᠠᠳᠤ ᠶᠢᠨ ᠵᠢᠭᠤᠯᠴᠢᠯᠠᠬᠰᠠᠳ ᠢ | ᠨᠡᠶᠢᠲᠡ 43.37 ᠲᠦᠮᠡᠨ ᠬᠥᠮᠦᠨ ᠤᠳᠠᠭ᠎ᠠ ᠤᠬᠳᠤᠨ ᠵᠤᠴᠢᠯᠠᠵᠤ᠂ ᠵᠢᠭᠤᠯᠴᠢᠯᠠᠯ ᠤᠨ ᠦᠢᠯᠡᠰ ᠤᠨ | ᠶᠡᠷᠦᠩᠬᠡᠶᠢᠯᠡᠭᠰᠡᠨ ᠣᠷᠣᠯᠭ᠎ᠠ ᠶᠢ ᠨᠡᠶᠢᠲᠡ 1.51 ᠳ᠋ᠦᠩᠰᠢᠭᠤᠷ ᠲᠥᠭᠦᠷᠢᠭ ᠪᠡᠶᠡᠯᠡᠭᠦᠯᠪᠡ᠃ | ᠲᠠᠨᠢᠯᠴᠠᠭᠤᠯᠤᠭᠰᠠᠨ ᠢᠶᠠᠷ᠂ ᠰᠢᠨ᠎ᠡ ᠵᠢᠯ ᠤᠨ ᠭᠤᠷᠪᠠᠨ ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ᠂ | ᠮᠠᠨ ᠤ ᠬᠤᠲᠠ ᠶᠢᠨ ᠡᠳᠦᠷ ᠳᠤᠮᠳᠠᠴᠢ ᠶᠢᠨ ᠤᠬᠳᠤᠨ ᠵᠤᠴᠢᠯᠠᠬᠰᠠᠨ ᠬᠡᠮᠵᠢᠶ᠎ᠡ 144563 ᠬᠥᠮᠦᠨ ᠤᠳᠠᠭ᠎ᠠ ᠳᠤ | ᠬᠦᠷᠴᠦ᠂ ᠡᠳᠦᠷ ᠳᠤᠮᠳᠠᠴᠢ ᠶᠢᠨ ᠵᠢᠭᠤᠯᠴᠢᠯᠠᠯ ᠤᠨ ᠦᠢᠯᠡᠰ ᠤᠨ ᠶᠡᠷᠦᠩᠬᠡᠶᠢᠯᠡᠭᠰᠡᠨ ᠣᠷᠣᠯᠭ᠎ᠠ 5020.48 | ᠲᠦᠮᠡᠨ ᠲᠥᠭᠦᠷᠢᠭ ᠲᠤ ᠬᠦᠷᠴᠦ᠂ ᠮᠠᠨ ᠤ ᠬᠤᠲᠠ ᠶᠢᠨ ᠤᠬᠳᠤᠨ ᠵᠤᠴᠢᠯᠠᠬᠰᠠᠨ ᠵᠢᠭᠤᠯᠴᠢᠯᠠᠭᠰᠠᠳ ᠤᠨ ᠡᠳᠦᠷ | ᠳᠤᠮᠳᠠᠴᠢ ᠶᠢᠨ ᠬᠡᠷᠡᠭᠯᠡᠭᠡ ᠨᠢ ᠬᠦᠮᠦᠨ ᠤᠳᠠᠭ᠎ᠠ ᠪᠦᠷᠢ ᠳᠤ 347.29 ᠲᠥᠭᠦᠷᠢᠭ ᠲᠤ ᠬᠦᠷᠴᠡᠶ᠃ ᠡᠭᠦᠨ ᠳᠤ᠂ | ᠰᠢᠨ᠎ᠡ ᠵᠢᠯ ᠤᠨ ᠠᠮᠠᠷᠠᠯᠲᠠ ᠶᠢᠨ ᠲᠦᠷᠦᠭᠦᠤ ᠡᠳᠦᠷ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠢ | 129103 ᠬᠥᠮᠦᠨ ᠤᠳᠠᠭ᠎ᠠ ᠤᠬᠳᠤᠨ ᠵᠤᠴᠢᠯᠠᠵᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ | ᠦᠢᠯᠡᠰ ᠤᠨ ᠶᠡᠷᠦᠩᠬᠡᠶᠢᠯᠡᠭᠰᠡᠨ ᠣᠷᠣᠯᠭ᠎ᠠ ᠶᠢ 4403.83 ᠲᠦᠮᠡᠨ ᠲᠥᠭᠦᠷᠢᠭ ᠪᠡᠶᠡᠯᠡᠭᠦᠯᠵᠦ᠂ ᠬᠤᠶᠠᠳᠤᠭᠠᠷ | ᠡᠳᠦᠷ ᠲᠤᠨᠢ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠢ 160099 ᠬᠥᠮᠦᠨ ᠤᠳᠠᠭ᠎ᠠ ᠤᠬᠳᠤᠨ | ᠵᠤᠴᠢᠯᠠᠵᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠦᠢᠯᠡᠰ ᠤᠨ ᠶᠡᠷᠦᠩᠬᠡᠶᠢᠯᠡᠭᠰᠡᠨ ᠣᠷᠣᠯᠭ᠎ᠠ ᠶᠢ | 5671.51 ᠲᠦᠮᠡᠨ ᠲᠥᠭᠦᠷᠢᠭ ᠪᠡᠶᠡᠯᠡᠭᠦᠯᠪᠡ︔ ᠭᠤᠷᠪᠠᠳᠤᠭᠠᠷ ᠡᠳᠦᠷ ᠲᠤᠨᠢ ᠤᠯᠤᠰ ᠤᠨ ᠳᠣᠲᠣᠭᠠᠳᠤ ᠶᠢᠨ | ᠵᠢᠭᠤᠯᠴᠢᠯᠠᠭᠰᠠᠳ ᠢ 144487 ᠬᠥᠮᠦᠨ ᠤᠳᠠᠭ᠎ᠠ ᠤᠬᠳᠤᠨ ᠵᠤᠴᠢᠯᠠᠵᠤ᠂ ᠤᠯᠤᠰ ᠤᠨ ᠳᠣᠲᠣᠭᠠᠳᠤ ᠶᠢᠨ | ᠵᠢᠭᠤᠯᠴᠢᠯᠠᠯ ᠤᠨ ᠦᠢᠯᠡᠰ ᠤᠨ ᠶᠡᠷᠦᠩᠬᠡᠶᠢᠯᠡᠭᠰᠡᠨ ᠣᠷᠣᠯᠭ᠎ᠠ ᠶᠢ 4986.10 ᠲᠦᠮᠡᠨ ᠲᠥᠭᠦᠷᠢᠭ ᠪᠡᠶᠡᠯᠡᠭᠦᠯᠪᠡ᠃ | | ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠠᠴᠠ ᠦᠵᠡᠪᠡᠯ᠂ ᠣᠷᠣᠨ ᠤ ᠳᠣᠲᠣᠷᠠᠬᠢ | ᠵᠢᠭᠤᠯᠴᠢᠯᠠᠭᠰᠠᠳ 78.45% ᠶᠢ ᠡᠵᠡᠯᠡᠵᠦ᠂ ᠣᠷᠣᠨ ᠤ ᠭᠠᠳᠠᠨ᠎ᠠ ᠠᠴᠠ ᠢᠷᠡᠭᠰᠡᠨ ᠵᠢᠭᠤᠯᠴᠢᠯᠠᠭᠰᠠᠳ 21. | 55% ᠶᠢ ᠡᠵᠡᠯᠡᠵᠦ ᠪᠠᠶᠢᠨ᠎ᠠ᠃ ᠣᠷᠣᠨ ᠤ ᠭᠠᠳᠠᠨᠠᠬᠢ ᠵᠢᠭᠤᠯᠴᠢᠯᠠᠭᠰᠠᠳ ᠨᠢ ᠡᠷᠬᠢᠨ ᠲᠣᠭᠤᠷᠢᠨ ᠤ ᠮᠤᠵᠢ | ᠬᠤᠲᠠ ᠶᠢᠨ ᠵᠢᠭᠤᠯᠴᠢᠯᠠᠬᠰᠠᠳ ᠢᠶᠠᠷ ᠭᠤᠤᠯᠯᠠᠵᠤ᠂ ᠾᠧᠪᠸᠢ ᠮᠤᠵᠢ᠂ ᠱᠠᠨ ᠰᠢ ᠮᠤᠵᠢ᠂ ᠬᠠᠷᠠᠮᠥ᠋ᠷᠡᠨ ᠮᠤᠵᠢ᠂ | ᠱᠠᠨᠳᠦ᠋ᠩ ᠮᠤᠵᠢ ᠪᠠ ᠴᠦᠩᠴᠢᠩ ᠬᠤᠲᠠ ᠵᠡᠷᠭᠡ ᠲᠠᠪᠤᠨ ᠮᠤᠵᠢ ᠬᠤᠲᠠ ᠠᠴᠠ ᠢᠷᠡᠭᠰᠡᠨ ᠤᠯᠤᠰ ᠤᠨ | ᠳᠣᠲᠣᠭᠠᠳᠤ ᠶᠢᠨ ᠵᠢᠭᠤᠯᠴᠢᠯᠠᠭᠰᠠᠳ ᠨᠡᠯᠢᠶᠡᠳ ᠣᠯᠠᠨ ᠪᠠᠶᠢᠵᠤ᠂ ᠣᠷᠣᠨ ᠤ ᠭᠠᠳᠠᠨᠠᠬᠢ ᠲᠦᠷᠦᠭᠦᠦ ᠲᠠᠪᠤ ᠳᠤ | ᠵᠢᠬᠰᠠᠭᠠᠬᠳᠠᠬᠤ ᠵᠢᠭᠤᠯᠴᠢᠯᠠᠬᠰᠠᠳ ᠤᠨ ᠡᠵᠡᠯᠡᠭᠦ ᠬᠠᠷᠢᠴᠠᠯ ᠨᠢ 14.65% ᠳᠤ ᠬᠦᠷᠴᠦ᠂ ᠵᠡᠭᠦᠨ ᠡᠮᠦᠨᠡᠲᠦ | ᠤᠷᠤᠨ᠂ ᠪᠠᠷᠠᠭᠤᠨ ᠡᠮᠦᠨᠡᠲᠦ ᠤᠷᠤᠨ ᠤ ᠵᠢᠭᠤᠯᠴᠢᠯᠠᠭᠰᠠᠳ ᠨᠡᠯᠢᠶᠡᠳ ᠴᠥᠭᠡᠨ ᠪᠠᠶᠢᠨ᠎ᠠ᠃ ᠣᠷᠣᠨ ᠤ ᠳᠣᠲᠣᠷᠠᠬᠢ | ᠵᠢᠭᠤᠯᠴᠢᠯᠠᠭᠰᠠᠳ ᠤᠨ ᠬᠠᠭᠠᠰ ᠠᠴᠠ ᠳᠡᠭᠡᠭᠰᠢᠬᠢ ᠨᠢ ᠬᠦᠬᠡᠬᠤᠳᠠ ᠪᠣᠯᠤᠨ ᠡᠷᠬᠢᠨ ᠲᠣᠭᠤᠷᠢᠨ ᠤ ᠠᠶᠢᠮᠠᠭ | ᠬᠤᠲᠠ ᠠᠴᠠ ᠢᠷᠡᠯᠲᠡ ᠲᠠᠢ ᠪᠠᠶᠢᠵᠤ᠂ ᠬᠥᠬᠡᠬᠤᠲᠠ᠂ ᠤᠯᠠᠭᠠᠨᠴᠠᠪ ᠬᠤᠲᠠ ᠪᠣᠯᠤᠨ ᠣᠷᠳᠣᠰ ᠬᠤᠲᠠ ᠠᠴᠠ | ᠢᠷᠡᠭᠰᠡᠨ ᠵᠢᠭᠤᠯᠴᠢᠯᠠᠭᠰᠠᠳ ᠤᠨ ᠲᠤᠭ᠎ᠠ ᠨᠢ ᠬᠦᠬᠡᠬᠤᠳᠠ ᠶᠢᠨ ᠤᠷᠤᠨ ᠤ ᠳᠣᠲᠣᠷᠠᠬᠢ ᠵᠢᠭᠤᠯᠴᠢᠯᠠᠭᠰᠠᠳ ᠤᠨ | ᠶᠡᠷᠦᠩᠬᠡᠶ ᠲᠣᠭᠠᠨ ᠤ 64.83% ᠶᠢ ᠡᠵᠡᠯᠡᠵᠦ ᠪᠠᠶᠢᠨ᠎ᠠ᠃ | ᠵᠢᠭᠤᠯᠴᠢᠯᠠᠭᠰᠠᠳ ᠤᠨ ᠬᠡᠷᠡᠭᠯᠡᠭᠡᠨ ᠤ ᠪᠦᠲᠦᠴᠡ ᠠᠴᠠ ᠦᠵᠡᠪᠡᠯ᠂ ᠮᠠᠨ ᠤ ᠬᠤᠲᠠ ᠳᠤ ᠢᠷᠡᠭᠰᠡᠨ | ᠵᠢᠭᠤᠯᠴᠢᠯᠠᠭᠰᠠᠳ ᠤᠨ ᠵᠠᠷᠤᠳᠠᠯ ᠨᠢ ᠭᠤᠤᠯᠳᠠᠭᠤ ᠪᠠᠷᠠᠭ᠎ᠠ ᠬᠤᠳᠠᠯᠳᠤᠨ ᠠᠪᠬᠤ ᠬᠡᠷᠡᠭᠯᠡᠭᠡ᠂ ᠬᠤᠨᠤᠭ ᠤᠨ ᠬᠡᠷᠡᠭᠯᠡᠭᠡ | ᠪᠠ ᠢᠳᠡᠭᠡᠨ ᠤᠮᠳᠠᠭᠠᠨ ᠤ ᠬᠡᠷᠡᠭᠯᠡᠭᠡ ᠳᠡᠭᠡᠷ᠎ᠡ ᠲᠥᠪᠯᠡᠷᠡᠵᠦ ᠪᠠᠶᠢᠨ᠎ᠠ᠂ ᠡᠭᠦᠨ ᠳᠤ᠂ ᠪᠠᠷᠠᠭ᠎ᠠ ᠬᠤᠳᠠᠯᠳᠤᠨ ᠠᠪᠬᠤ | ᠵᠠᠷᠤᠳᠠᠯ ᠨᠢ ᠬᠠᠮᠤᠭ ᠤᠨ ᠥᠨᠳᠥᠷ ᠪᠠᠶᠢᠵᠤ᠂ ᠵᠢᠭᠤᠯᠴᠢᠯᠠᠭᠰᠠᠳ ᠤᠨ ᠶᠡᠷᠦᠩᠬᠡᠶ ᠵᠠᠷᠤᠳᠠᠯ ᠤᠨ 24.51% ᠶᠢ | ᠡᠵᠡᠯᠡᠵᠦ᠂ ᠬᠤᠨᠤᠭ ᠤᠨ ᠵᠠᠷᠤᠳᠠᠯ ᠨᠢ 17.82% ᠢ ᠡᠵᠡᠯᠡᠵᠦ᠂ ᠢᠳᠡᠭᠡᠨ ᠤᠮᠳᠠᠭᠠᠨ ᠤ ᠵᠠᠷᠤᠳᠠᠯ ᠨᠢ 17. | 69% ᠶᠢ ᠡᠵᠡᠯᠡᠵᠦ᠂ ᠵᠠᠮ ᠬᠠᠷᠢᠯᠴᠠᠭᠠᠨ ᠤ ᠵᠠᠷᠤᠳᠠᠯ ᠨᠢ 13.67% ᠶᠢ ᠡᠵᠡᠯᠡᠵᠦ᠂ ᠵᠤᠭ᠎ᠠ ᠴᠡᠩᠭᠡᠯ ᠤᠨ | ᠵᠠᠷᠤᠳᠠᠯ ᠨᠢ 11.75% ᠶᠢ ᠡᠵᠡᠯᠡᠵᠦ᠂ ᠦᠵᠡᠮᠵᠢ ᠶᠢᠨ ᠣᠷᠣᠨ ᠢᠶᠠᠷ ᠵᠤᠭᠠᠴᠠᠨ ᠨᠠᠭᠠᠳᠤᠬᠰᠠᠨ ᠵᠠᠷᠤᠳᠠᠯ ᠨᠢ 5. | 41% ᠶᠢ ᠡᠵᠡᠯᠡᠵᠦ ᠪᠠᠶᠢᠨ᠎ᠠ᠃ | | | http://mongol.people.com.cn/15834448.html |