ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠡᠭᠡᠯᠢᠯᠡᠭᠡ ᠶᠢᠨ | ᠲᠥᠯᠥᠪᠵᠢᠭᠦᠯᠭᠡ ᠶᠢᠨ ᠲᠦᠷᠦᠭᠦᠤ ᠲᠤᠰᠬᠠᠶ ᠮᠡᠷᠭᠡᠵᠢᠯᠲᠡᠨ ᠸᠠᠩ ᠬᠤᠸᠠ ᠴᠢᠩ 1 ᠰᠠᠷ᠎ᠠ ᠶᠢᠨ 3 ᠤ ᠡᠳᠦᠷ | ᠬᠢᠭᠰᠡᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠡᠯᠡᠬᠦ ᠳᠡᠭᠡᠨ᠄ ᠳᠤᠮᠳᠠᠳᠤ ᠤᠯᠤᠰ ᠬᠤᠯᠪᠣᠭᠳᠠᠯ ᠪᠥᠬᠦᠶ | ᠬᠠᠤᠯᠢ ᠴᠠᠭᠠᠵᠠ ᠬᠠᠤᠯᠢ ᠲᠣᠭᠲᠠᠭᠠᠯ ᠢ ᠨᠡᠶᠢᠲᠡᠯᠡᠵᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠪᠠᠶᠢᠭᠤᠯᠤᠮᠵᠢ ᠶᠢᠨ ᠠᠵᠢᠯᠲᠠᠨ ᠢᠶᠠᠷ ᠪᠦᠷᠢᠯᠳᠦᠭᠰᠡᠨ ᠡᠩᠨᠡᠭᠡ ᠶᠢ ᠪᠠᠶᠢᠭᠤᠯᠤᠭᠰᠠᠨ ᠪᠥᠭᠡᠳ ᠡᠷᠡᠭᠦᠯ ᠪᠤᠰᠤ | ᠲᠤᠰᠬᠠᠯ ᠭᠠᠷᠬᠤ ᠲᠤᠬᠠᠢ ᠡᠯᠧᠺᠲᠷᠣᠨ ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠪᠠᠶᠢᠭᠤᠯᠵᠤ ᠪᠠᠶᠢᠭᠠᠳ ᠲᠤᠭ᠎ᠠ | ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠸᠠᠺᠼᠢᠨ ᠤ ᠲᠠᠷᠢᠯᠭ᠎ᠠ ᠶᠢᠨ ᠡᠷᠡᠭᠦᠯ ᠪᠤᠰᠤ ᠲᠤᠰᠬᠠᠯ ᠭᠠᠷᠬᠤ | ᠶᠢ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠪᠠᠷ ᠪᠤᠢ ᠭᠡᠵᠡᠶ᠃ | ᠲᠡᠷᠡ ᠬᠡᠯᠡᠬᠦ ᠳᠡᠭᠡᠨ᠂ ᠡᠷᠡᠭᠦᠯ ᠪᠤᠰᠤ ᠲᠤᠰᠬᠠᠯ ᠭᠠᠷᠬᠤ᠂ ᠤᠨᠴᠠᠭᠠᠢ ᠶᠡᠭᠡ ᠲᠤᠰᠬᠠᠯ ᠭᠠᠷᠬᠤ ᠳᠤ | ᠬᠦᠷᠪᠡᠯ 2 ᠴᠠᠭ ᠤᠨ ᠳᠣᠲᠣᠷ᠎ᠠ ᠮᠡᠳᠡᠭᠦᠯᠬᠦ ᠬᠡᠷᠡᠭᠲᠡᠶ᠂ ᠡᠩ ᠤᠨ ᠪᠠᠶᠢᠳᠠᠯ ᠲᠤᠤᠷ᠎ᠠ 48 ᠴᠠᠭ ᠤᠨ ᠳᠣᠲᠣᠷ᠎ᠠ | ᠮᠡᠳᠡᠭᠦᠯᠬᠦ ᠬᠡᠷᠡᠭᠲᠡᠶ ᠭᠡᠵᠡᠶ᠃ | ᠸᠠᠺᠼᠢᠨ ᠠᠴᠠ ᠪᠣᠯᠤᠭᠰᠠᠨ ᠡᠷᠡᠭᠦᠯ ᠪᠤᠰᠤ ᠲᠤᠰᠬᠠᠯ ᠮᠥᠨ ᠡᠰᠡᠬᠦ ᠶᠢ ᠬᠡᠷᠬᠢᠨ ᠲᠣᠭᠲᠠᠭᠠᠬᠤ ᠪᠣᠶ︖ | ᠸᠠᠩ ᠬᠤᠸᠠ ᠴᠢᠩ ᠬᠡᠯᠡᠬᠦ ᠳᠡᠭᠡᠨ᠄ ᠣᠨᠣᠰᠢᠯᠠᠯᠲᠠ ᠶᠢ ᠮᠤᠵᠢ ᠬᠤᠲᠠ ᠰᠢᠶᠠᠨ ᠤ ᠡᠯ᠎ᠡ ᠱᠠᠲᠤᠨ ᠤ ᠡᠪᠡᠳᠴᠢᠨ | ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠳᠤ ᠪᠠᠶᠢᠭᠤᠯᠤᠭᠰᠠᠨ ᠪᠠᠶᠢᠴᠠᠭᠠᠨ ᠣᠨᠣᠰᠢᠯᠠᠬᠤ ᠲᠤᠰᠬᠠᠶ | ᠮᠡᠷᠭᠡᠵᠢᠯᠲᠡᠨ ᠤ ᠳᠤᠭᠤᠶᠢᠯᠠᠩ ᠠᠴᠠ ᠬᠢᠨ᠎ᠡ᠃ ᠰᠢᠯᠭᠠᠨ ᠲᠣᠭᠲᠠᠭᠠᠬᠤ ᠴᠢᠬᠤᠯᠠᠲᠠᠶ ᠪᠣᠯ᠂ ᠮᠣᠵᠢ ᠪᠠ ᠬᠤᠲᠠ ᠶᠢᠨ | ᠲᠡᠰ ᠤᠨ ᠠᠨᠠᠭᠠᠬᠤ ᠤᠬᠠᠭᠠᠨ ᠤ ᠨᠡᠶᠢᠭᠡᠮᠯᠢᠭ ᠠᠴᠠ ᠬᠦᠢᠴᠡᠳᠭᠡᠨ᠎ᠡ ᠬᠡᠪᠡ᠃ | ᠲᠡᠷᠡ᠄ ᠸᠠᠺᠼᠢᠨ ᠤ ᠡᠷᠡᠭᠦᠯ ᠪᠤᠰᠤ ᠲᠤᠰᠬᠠᠯ ᠭᠠᠷᠴᠠᠢ ᠭᠡᠵᠦ ᠰᠡᠵᠢᠭᠯᠡᠬᠦ ᠳᠤ ᠬᠦᠷᠪᠡᠯ ᠰᠢᠯᠭᠠᠨ ᠪᠠᠶᠢᠴᠠᠭᠠᠯᠳᠠ | ᠶᠢ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠪᠠᠶᠢᠭᠤᠯᠤᠭᠰᠠᠨ ᠰᠢᠯᠭᠠᠨ | ᠪᠠᠶᠢᠴᠠᠭᠠᠯᠳᠠ ᠶᠢᠨ ᠮᠡᠳᠡᠭᠡ ᠵᠠᠩᠭᠢ ᠶᠢᠨ ᠰᠢᠰᠲ᠋ᠧᠮ ᠢᠶᠠᠷ ᠳᠡᠮᠵᠢᠨ ᠬᠦᠢᠴᠡᠳᠭᠡᠨ᠎ᠡ᠂ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠪᠣᠯᠤᠨ ᠡᠮ ᠲᠠᠩ ᠤᠨ ᠡᠷᠡᠭᠦᠯ ᠪᠤᠰᠤ ᠲᠤᠰᠬᠠᠯ ᠭᠠᠷᠬᠤ ᠶᠢ ᠰᠢᠯᠭᠠᠨ | ᠪᠠᠶᠢᠴᠠᠭᠠᠬᠤ ᠪᠠᠶᠢᠭᠤᠯᠤᠮᠵᠢ ᠠᠴᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠬᠦᠯᠦᠨ᠎ᠡ᠃ ᠡᠯ᠎ᠡ ᠱᠠᠲᠤᠨ ᠤ | ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠪᠣᠯᠤᠨ ᠡᠮ ᠲᠠᠩ ᠤᠨ ᠡᠷᠡᠬᠦᠯ ᠪᠤᠰᠤ ᠲᠤᠰᠬᠠᠯ ᠢ | ᠰᠢᠯᠭᠠᠨ ᠪᠠᠶᠢᠴᠠᠭᠠᠬᠤ ᠪᠠᠶᠢᠭᠤᠯᠤᠮᠵᠢ ᠨᠤᠭᠤᠳ ᠴᠤ ᠰᠢᠯᠭᠠᠨ ᠪᠠᠶᠢᠴᠠᠭᠠᠬᠰᠠᠨ ᠮᠡᠳᠡᠭᠡ ᠵᠠᠩᠭᠢ ᠳᠤ ᠪᠠᠨ | ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠯᠲᠠ ᠪᠠ ᠦᠨᠡᠯᠡᠯᠳᠡ ᠬᠢᠬᠦ ᠪᠣᠯᠤᠨ᠎ᠠ᠃ ᠬᠡᠷᠪᠡ ᠬᠦᠨᠳᠦ ᠶᠡᠭᠡ ᠬᠡᠷᠡᠭ | ᠤᠴᠢᠷ ᠲᠤᠬᠢᠶᠠᠯᠳᠤᠬᠤ ᠳᠤ ᠬᠦᠷᠪᠡᠯ᠂ ᠴᠠᠭ ᠲᠤᠬᠠᠶ ᠳᠤᠨᠢ ᠵᠠᠳᠠᠯᠤᠯᠲᠠ ᠪᠠ ᠦᠨᠡᠯᠡᠯᠲᠡ ᠬᠢᠨ᠎ᠡ ᠬᠡᠵᠦ ᠬᠡᠯᠡᠪᠡ᠃ | ᠸᠢᠷᠦ᠋ᠰ ᠤᠨ ᠣᠨᠳᠣᠤᠰᠢᠯ ᠨᠢ ᠸᠠᠺᠼᠢᠨ ᠤ ᠦᠷ᠎ᠡ ᠳ᠋ᠦᠩ ᠢ ᠨᠦᠯᠦᠬᠡᠯᠡᠨ᠎ᠡ ᠤᠤ ᠥᠬᠡᠶ ᠤᠤ︖ | ᠰᠢᠨ᠎ᠡ ᠲᠢᠲᠢᠮᠯᠢᠭ ᠸᠢᠷᠦ᠋ᠰ ᠤᠨ ᠣᠨᠳᠣᠤᠰᠢᠯ ᠳᠤ᠂ ᠸᠠᠺᠼᠢᠨ ᠤ ᠲᠠᠷᠢᠯᠭ᠎ᠠ ᠬᠢᠬᠦ ᠭᠡᠷᠡᠭ ᠲᠠᠢ ᠤᠤ︖ | ᠸᠠᠩ ᠬᠤᠸᠠ ᠴᠢᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠡᠯᠡᠬᠦ ᠳᠡᠭᠡᠨ᠄ ᠸᠢᠷᠦ᠋ᠰ ᠦᠷᠡᠵᠢᠬᠦ | ᠶᠠᠪᠤᠴᠠ ᠳᠤ ᠪᠠᠨ ᠣᠨᠳᠣᠤᠰᠢᠯ ᠡᠭᠦᠰᠳᠡᠭ ᠪᠣᠯᠪᠠᠴᠤ ᠣᠯᠠᠩᠬᠢ ᠣᠨᠳᠣᠤᠰᠢᠯ ᠨᠢ ᠸᠢᠷᠦ᠋ᠰ ᠤᠨ ᠡᠪᠡᠳᠴᠢᠨ | ᠡᠭᠦᠰᠭᠡᠬᠦ ᠴᠢᠨᠠᠷ᠂ ᠰᠢᠯᠭᠠᠨ ᠪᠠᠶᠢᠴᠠᠭᠠᠬᠤ ᠲᠤᠷᠰᠢᠯᠲᠠ ᠶᠢᠨ ᠡᠮ ᠤᠨ ᠰᠡᠷᠭᠡᠭ ᠴᠢᠨᠠᠷ ᠪᠠ ᠸᠠᠺᠼᠢᠨ ᠤ | ᠦᠢᠯᠡᠳᠦᠯᠳᠦ ᠴᠢᠨᠠᠷ ᠢ ᠳᠡᠮᠡᠶ ᠨᠥᠯᠥᠭᠡᠯᠡᠳᠡᠭ ᠥᠬᠡᠶ ᠬᠡᠪᠡ᠃ | ᠲᠡᠷᠡ᠄ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠮᠤᠭ ᠤᠨ ᠰᠢᠨ᠎ᠡ | ᠨᠡᠶᠢᠲᠡᠯᠡᠭᠰᠡᠨ ᠮᠡᠳᠡᠭᠡ ᠵᠠᠩᠭᠢ ᠶᠢ ᠦᠨᠳᠦᠰᠦᠯᠡᠪᠡᠯ᠂ ᠪᠥᠬᠦ ᠲᠡᠯᠡᠭᠡᠢ ᠶᠢᠨ ᠰᠢᠨ᠎ᠡ ᠲᠢᠲᠢᠮᠯᠢᠭ ᠸᠢᠷᠦ᠋ᠰ ᠤᠨ | ᠣᠨᠳᠣᠤᠰᠢᠯ ᠢ ᠰᠢᠯᠭᠠᠨ ᠪᠠᠶᠢᠴᠠᠭᠠᠬᠰᠠᠨ ᠪᠠᠶᠢᠳᠠᠯ ᠠᠴᠠ ᠦᠵᠡᠪᠡᠯ᠂ ᠸᠢᠷᠦ᠋ᠰ ᠤᠨ ᠣᠨᠳᠣᠤᠰᠢᠯ ᠳᠤ ᠣᠲᠣ ᠶᠢᠨ | ᠪᠠᠶᠢᠭ᠎ᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠬᠡᠷᠡᠭᠯᠡᠬᠦ ᠳᠤ ᠦᠢᠯᠡᠳᠦᠯ ᠭᠠᠷᠬᠤ ᠥᠬᠡᠶ ᠭᠡᠳᠡᠭ ᠢ | ᠭᠡᠷᠡᠴᠢᠯᠡᠬᠦ ᠭᠡᠷᠡᠴᠢ ᠪᠠᠷᠢᠮᠲᠠ ᠬᠠᠷᠠᠬᠠᠨ ᠪᠠᠶᠢᠬᠤ ᠥᠬᠡᠶ ᠪᠠᠶᠢᠬᠰᠠᠭᠠᠷ ᠭᠡᠪᠡ᠃ | ᠸᠠᠩ ᠬᠤᠸᠠ ᠴᠢᠩ᠂ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠨᠢ ᠸᠢᠷᠦ᠋ᠰ ᠤᠨ | ᠣᠨᠳᠣᠤᠰᠢᠭᠰᠠᠨ ᠪᠠᠶᠢᠳᠠᠯ ᠢ ᠦᠷᠭᠦᠯᠵᠢᠯᠡᠨ ᠠᠩᠬᠠᠷᠴᠤ ᠪᠠᠶᠢᠬᠤ ᠬᠠᠮᠲᠤ ᠲᠡᠭᠦᠨ ᠤ ᠨᠥᠯᠥᠭᠡ ᠶᠢ ᠦᠨᠡᠯᠡᠨ ᠵᠢᠱᠢᠵᠦ | ᠪᠠᠶᠢᠨ᠎ᠠ᠂ ᠡᠨᠡ ᠨᠢ ᠲᠠᠷᠠᠭᠠᠴᠢ ᠶᠢᠨ ᠸᠠᠺᠼᠢᠨ ᠢ ᠰᠤᠳᠤᠯᠤᠨ ᠭᠠᠷᠭᠠᠬᠤ ᠵᠢᠴᠢ ᠬᠡᠷᠡᠭᠯᠡᠬᠦ ᠳᠤ ᠤᠷᠢᠳᠴᠢᠯᠠᠨ | ᠰᠡᠷᠡᠮᠵᠢᠯᠡᠭᠦᠯᠬᠦ ᠪᠠ ᠰᠢᠨᠵᠢᠯᠡᠬᠦ ᠤᠬᠠᠭᠠᠨᠴᠢ ᠪᠠᠷ ᠵᠠᠳᠠᠯᠤᠯᠲᠠ ᠬᠢᠬᠦ ᠦᠨᠳᠦᠰᠦᠯᠡᠯ ᠬᠠᠩᠭᠠᠬᠤ ᠪᠣᠯᠤᠨ᠎ᠠ ᠬᠡᠵᠦ | ᠵᠢᠭᠠᠵᠤ ᠭᠠᠷᠭᠠᠵᠠᠢ᠃ | ᠲᠡᠷᠡ᠂ ᠸᠠᠺᠼᠢᠨ ᠤ ᠲᠠᠷᠢᠯᠭ᠎ᠠ ᠬᠢᠬᠦ ᠨᠢ ᠵᠠᠭᠤᠨ ᠤ ᠵᠠᠭᠤ ᠪᠠᠷ ᠦᠢᠯᠡᠳᠦᠯ ᠭᠠᠷᠤᠨ᠎ᠠ ᠬᠡᠰᠡᠨ ᠶᠠᠪᠤᠳᠠᠯ ᠪᠢᠰᠢ | ᠂ ᠬᠥᠮᠦᠰ ᠤᠨ ᠡᠭᠡᠯᠢᠯᠡᠭᠡ ᠶᠢᠨ ᠬᠠᠯᠬᠠᠪᠴᠢ ᠪᠠᠶᠢᠭᠤᠯᠤᠬᠳᠠᠭᠠᠳᠤᠢ ᠪᠤᠶᠤ ᠬᠦᠮᠦᠰ ᠤᠨ ᠡᠭᠡᠯᠢᠯᠡᠭᠡ ᠶᠢᠨ ᠬᠠᠯᠬᠠᠪᠴᠢ | ᠪᠦᠷᠢᠯᠳᠦᠭᠡᠳᠦᠢ ᠪᠠᠶᠢᠳᠠᠯ ᠳᠣᠤᠷ᠎ᠠ᠂ ᠸᠠᠺᠼᠢᠨ ᠤ ᠲᠠᠷᠢᠯᠭ᠎ᠠ ᠬᠢᠯ᠎ᠡ ᠴᠤ ᠬᠡᠳ ᠡᠮᠴᠢᠯᠡᠭᠡᠨ ᠤ ᠪᠤᠰᠤ ᠬᠤᠪᠢ | ᠬᠥᠮᠦᠨ ᠤ ᠰᠡᠷᠭᠡᠶᠢᠯᠡᠯᠳᠡ ᠶᠢᠨ ᠠᠷᠭ᠎ᠠ ᠬᠡᠮᠵᠢᠶ᠎ᠡ ᠶᠢ ᠠᠪᠬᠤ ᠬᠡᠷᠡᠭᠲᠡᠶ᠂ ᠡᠭᠦᠨ ᠳᠤ ᠠᠮᠠᠪᠴᠢ ᠵᠡᠭᠦᠬᠦ᠂ ᠭᠠᠷ ᠢᠶᠠᠨ | ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠨᠡᠶᠢᠭᠡᠮ ᠤᠨ ᠬᠠᠷᠢᠴᠠᠭᠠᠨ ᠤ ᠲᠤᠮᠳᠠ ᠵᠠᠶ ᠶᠢ | ᠪᠠᠲᠤᠯᠠᠬᠤ ᠵᠡᠷᠭᠡ ᠪᠠᠭᠲᠠᠨ᠎ᠠ᠃ ᠢᠯᠠᠩᠭᠤᠶ᠎ᠠ ᠬᠢᠵᠢᠭ ᠡᠭᠦᠰᠬᠦ ᠦᠶ᠎ᠡ ᠳᠤ ᠳᠡᠭᠡᠷᠡᠬᠢ ᠠᠷᠭ᠎ᠠ ᠬᠡᠮᠵᠢᠶ᠎ᠡ ᠶᠢ ᠨᠠᠩ | ᠴᠢᠩᠭᠠᠳᠬᠠᠬᠤ ᠴᠢᠬᠤᠯᠠᠲᠠᠶ᠂ ᠢᠩᠭᠢᠪᠡᠯ ᠰᠠᠶ᠋ᠢ ᠬᠢᠵᠢᠭ ᠳᠠᠬᠢᠨ ᠳᠡᠯᠭᠡᠷᠡᠬᠦ ᠥᠬᠡᠶ ᠪᠠᠶᠢᠬᠤ ᠶᠢ ᠪᠠᠲᠤᠯᠠᠵᠤ ᠴᠢᠳᠠᠨ᠎ᠠ | ᠬᠡᠵᠦ ᠴᠢᠬᠤᠯᠠᠴᠢᠯᠠᠪᠠ᠃ | ᠶᠠᠮᠠᠷ ᠬᠥᠮᠦᠰ ᠸᠠᠺᠽᠢᠨ ᠲᠠᠷᠢᠬᠤ ᠳᠤ ᠲᠣᠬᠢᠷᠠᠬᠤ ᠦᠭᠡᠢ ᠪᠣᠢ︖ | ᠪᠡᠭᠡᠵᠢᠩ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠳᠡᠳ᠋ ᠡᠷᠬᠢᠯᠡᠭᠴᠢ ᠫᠠᠩ | ᠰᠢᠩ ᠡᡁᠦ᠋ᠸᠧ ᠬᠡᠯᠡᠬᠦ ᠳᠡᠭᠡᠨ᠄ ᠲᠠᠷᠢᠯᠭ᠎ᠠ ᠳᠠᠷᠢᠬᠤ ᠳᠤ ᠳᠣᠭᠢᠷᠠᠬᠤ ᠥᠬᠡᠶ ᠬᠥᠮᠦᠰ ᠲᠤ ᠵᠢᠷᠮᠦᠰᠦᠨ ᠡᠮᠡᠭᠲᠡᠶ᠂ | ᠬᠥᠬᠦᠭᠦᠯ ᠬᠤᠭᠤᠴᠠᠭᠠᠨ ᠤ ᠡᠮᠡᠭᠲᠡᠶᠢᠴᠦᠳ ᠪᠠᠭᠳᠠᠬᠤ ᠪᠦᠭᠡᠳ ᠬᠠᠯᠠᠭᠤᠷᠠᠬᠤ᠂ ᠬᠠᠯᠳᠠᠪᠤᠷᠢᠯᠠᠬᠤ ᠵᠡᠷᠭᠡ ᠡᠪᠡᠳᠴᠢᠨ | ᠡᠮᠭᠡᠭ ᠤᠨ ᠲᠦᠷᠭᠡᠨ ᠴᠢᠨᠠᠷᠲᠠᠶ ᠬᠤᠭᠤᠴᠠᠭᠠᠨ ᠳᠤ ᠤᠷᠤᠰᠢᠵᠤ ᠪᠠᠶᠢᠭ᠎ᠠ ᠡᠭᠡᠯᠢᠯᠡᠭᠡ ᠶᠢᠨ ᠳᠤᠲᠠᠭᠳᠠᠯ ᠲᠠᠢ ᠪᠤᠶᠤ | ᠡᠭᠡᠯᠢᠯᠡᠭᠡ ᠨᠢ ᠡᠮᠬᠢ ᠵᠠᠮᠪᠠᠷᠠᠭ᠎ᠠ ᠦᠭᠡᠢ ᠪᠤᠯᠤᠬᠰᠠᠨ ᠬᠥᠮᠦᠰ ᠵᠢᠴᠢ ᠬᠦᠨᠳᠦ ᠡᠯᠢᠭᠡ ᠪᠥᠭᠡᠷᠡᠨ ᠤ ᠡᠪᠡᠳᠴᠢᠨ ᠲᠠᠢ | ᠪᠠ ᠡᠮ ᠢᠶᠠᠷ ᠬᠢᠵᠠᠭᠠᠷᠯᠠᠵᠤ ᠦᠯᠦ ᠳᠡᠶᠢᠯᠬᠦ ᠴᠢᠰᠤᠨ ᠳᠠᠷᠤᠯᠲᠠ ᠥᠨᠳᠥᠷ ᠡᠪᠡᠳᠴᠢᠲᠡᠨ᠂ ᠰᠢᠬᠢᠷ ᠰᠢᠵᠢᠩ | ᠡᠪᠡᠳᠴᠢᠨ ᠤ ᠳᠠᠪᠬᠤᠴᠠᠭᠰᠠᠨ ᠡᠪᠡᠳᠴᠢᠨ ᠲᠠᠢ᠂ ᠬᠤᠤᠷᠲᠤ ᠬᠠᠪᠤᠳᠠᠷ ᠲᠤ ᠨᠡᠷᠪᠡᠭᠳᠡᠭᠰᠡᠨ ᠡᠪᠡᠳᠴᠢᠲᠡᠨ ᠵᠡᠷᠭᠡ | ᠬᠥᠮᠦᠰ ᠪᠠᠭᠲᠠᠨ᠎ᠠ᠃ 18 ᠨᠠᠰᠤᠨ ᠠᠴᠠ 59 ᠨᠠᠰᠤᠨ ᠤ ᠲᠠᠷᠢᠯᠭ᠎ᠠ ᠬᠢᠬᠦ ᠨᠠᠰᠤᠨ ᠤ ᠬᠡᠪᠴᠢᠶᠡᠨ ᠳᠤ ᠤᠷᠤᠬᠤ | ᠥᠬᠡᠶ ᠬᠥᠮᠦᠰ ᠨᠢ ᠡᠮᠴᠢᠯᠡᠭᠡᠨ ᠤ ᠲᠤᠷᠰᠢᠯᠲᠠ ᠤᠯᠠᠮ ᠨᠢᠭᠡ ᠠᠯᠬᠤᠮ ᠬᠢᠭᠰᠡᠨ ᠲᠤᠭ᠎ᠠ ᠪᠠᠷᠢᠮᠲᠠ ᠨᠡᠶᠢᠳᠡᠯᠡᠭᠳᠡᠵᠦ᠂ | ᠵᠠᠯᠭᠠᠭᠠᠳ ᠲᠠᠷᠢᠯᠭ᠎ᠠ ᠬᠢᠵᠦ ᠪᠣᠯᠬᠤ ᠡᠰᠡᠬᠦ ᠶᠢ ᠲᠤᠳᠤᠷᠬᠠᠢ ᠲᠤᠬᠳᠠᠭᠠᠬᠤ ᠶᠢ ᠬᠦᠯᠢᠶᠡᠬᠦ ᠬᠡᠷᠡᠭᠳᠡᠢ ᠬᠡᠪᠡ᠃ | ᠲᠡᠷᠡ᠄ ᠰᠢᠨ᠎ᠡ ᠲᠢᠲᠢᠮᠯᠢᠭ ᠠᠭᠤᠰᠬᠢᠨ ᠡᠪᠡᠳᠴᠢᠨ ᠤ ᠸᠠᠺᠼᠢᠨ ᠢ ᠲᠠᠷᠢᠬᠤ ᠠᠴᠠ ᠡᠮᠦᠨ᠎ᠡ ᠡᠪᠡᠳᠴᠢᠨ | ᠡᠮᠭᠡᠭ ᠢ ᠰᠡᠷᠭᠡᠶᠢᠯᠡᠨ ᠬᠢᠵᠠᠭᠠᠷᠯᠠᠬᠤ ᠰᠠᠯᠠᠭ᠎ᠠ ᠮᠥᠴᠢᠷ ᠤᠨ ᠨᠡᠶᠢᠲᠡᠯᠡᠭᠰᠡᠨ ᠴᠡᠭᠡᠷᠯᠡᠬᠦ ᠡᠪᠡᠳᠴᠢᠨ ᠤ ᠮᠡᠳᠡᠯᠭᠡ ᠶᠢ | ᠠᠩᠬᠠᠷᠴᠤ᠂ ᠪᠣᠳᠠᠭᠠᠯᠢ ᠪᠡᠶ᠎ᠡ ᠶᠢᠨ ᠪᠡᠶ᠎ᠡ ᠮᠠᠬᠠᠪᠣᠳ ᠤᠨ ᠪᠠᠶᠢᠳᠠᠯ ᠢᠶᠠᠨ ᠣᠶᠢᠯᠠᠭᠠᠬᠤ ᠬᠡᠷᠡᠭᠲᠡᠢ᠃ ᠲᠠᠷᠢᠯᠭ᠎ᠠ ᠬᠢᠬᠦ | ᠬᠥᠮᠦᠨ ᠲᠠᠷᠢᠯᠭ᠎ᠠ ᠬᠢᠬᠦ ᠳᠡᠭᠡᠨ ᠠᠮᠠᠪᠴᠢ ᠵᠡᠭᠦᠬᠦ ᠬᠡᠷᠡᠭᠲᠡᠶ᠃ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ 30 | ᠮᠢᠨᠦ᠋ᠲ ᠲᠠᠷᠢᠯᠭ᠎ᠠ ᠶᠢᠨ ᠭᠠᠵᠠᠷ ᠲᠤ ᠪᠠᠨ ᠪᠠᠶᠢᠵᠤ ᠪᠠᠶᠢᠳᠠᠯ ᠢ ᠨᠢ ᠠᠵᠢᠭᠯᠠᠬᠤ ᠬᠡᠷᠡᠭᠲᠡᠶ᠂ ᠡᠪ ᠥᠬᠡᠶ ᠪᠠᠶᠢᠳᠠᠯ | ᠭᠠᠷᠬᠤ ᠦᠭᠡᠢ ᠳᠤ ᠬᠦᠷᠪᠡᠯ ᠲᠠᠷᠢᠯᠭ᠎ᠠ ᠶᠢᠨ ᠭᠠᠵᠠᠷ ᠠᠴᠠ ᠶᠠᠪᠤᠵᠤ ᠪᠣᠯᠤᠨ᠎ᠠ︔ ᠬᠡᠷᠪᠡ ᠦᠷᠭᠦᠯᠵᠢᠯᠡᠨ | ᠬᠠᠯᠠᠭᠤᠷᠠᠬᠤ ᠪᠠᠶᠢᠳᠠᠯ ᠭᠠᠷᠬᠤ ᠳᠤ ᠬᠦᠷᠪᠡᠯ ᠴᠠᠭ ᠲᠤᠬᠠᠢ ᠳᠤᠨᠢ ᠡᠮᠨᠡᠭᠦᠯᠬᠦ ᠶᠢᠨ ᠬᠠᠮᠲᠤ ᠲᠠᠷᠢᠯᠭ᠎ᠠ ᠬᠢᠭᠰᠡᠨ | ᠨᠢᠭᠡᠴᠡ ᠳᠤ ᠪᠠᠨ ᠮᠡᠳᠡᠭᠦᠯᠬᠦ ᠬᠡᠷᠡᠭᠲᠡᠢ ᠬᠡᠵᠦ ᠴᠢᠬᠤᠯᠠᠴᠢᠯᠠᠵᠠᠢ᠃ ︵ᠳᠤᠮᠳᠠᠳᠤ ᠤᠯᠤᠰ ᠤᠨ ᠰᠣᠨᠢᠨ ᠮᠡᠳᠡᠭᠡᠨ ᠤ | ᠬᠤᠷᠢᠶ᠎ᠠ ᠶᠢᠨ ᠰᠤᠷᠪᠤᠯᠵᠢᠯᠠᠭᠴᠢ ᠳ᠋ᠦ᠋ ᠶᠠᠨ︶᠃ | http://mongol.people.com.cn/15834446.html |