ᠰᠢᠨ᠎ᠡ ᠵᠢᠯ ᠤᠨ ᠭᠤᠷᠪᠠᠨ ᠡᠳᠦᠷ ᠤᠨ ᠠᠮᠠᠷᠠᠯᠲᠠ ᠳᠤ ᠮᠠᠨ ᠤ ᠬᠤᠲᠠ ᠤᠯᠤᠰ ᠤᠨ ᠳᠣᠲᠣᠭᠠᠳᠤ ᠶᠢᠨ 43.37 ᠲᠦᠮᠡᠨ ᠵᠢᠭᠤᠯᠴᠢᠯᠠᠬᠰᠠᠳ ᠢ ᠤᠬᠳᠤᠨ ᠵᠤᠴᠢᠯᠠᠪᠠ
ᠨᠡᠶᠢᠲᠡᠯᠡᠭᠰᠡᠨ ᠴᠠᠭ᠄
2021/1/6
     ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠯᠢ ᠰᠢᠶᠠ︶ ᠰᠤᠷᠪᠤᠯᠵᠢᠯᠠᠭᠴᠢ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2021 ᠣᠨ ᠤ ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠬᠤᠲᠠ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠬᠢᠵᠢᠭ ᠢ ᠰᠡᠷᠭᠡᠶᠢᠯᠡᠨ ᠬᠤᠷᠢᠬᠯᠠᠬᠤ᠂ ᠵᠢᠭᠤᠯᠴᠢᠯᠠᠯ ᠤᠨ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠥᠷᠭᠡᠨ ᠣᠯᠠᠨ ᠵᠢᠭᠤᠯᠴᠢᠯᠠᠭᠰᠠᠳ ᠢ ᠭᠠᠳᠠᠬᠰᠢ ᠭᠠᠷᠬᠤ ᠳᠤ ᠨᠠᠩ ᠰᠡᠳᠬᠢᠯ ᠠᠮᠤᠷ᠂ ᠬᠡᠷᠡᠭᠯᠡᠭᠡ ᠬᠢᠭᠦ ᠳᠤ ᠨᠠᠩ ᠰᠠᠨᠠᠭ᠎ᠠ ᠠᠮᠤᠷ᠂ ᠵᠢᠭᠤᠯᠴᠢᠯᠠᠬᠤ ᠳᠤ ᠨᠠᠩ ᠲᠠᠭᠠᠯᠠᠮᠵᠢᠲᠠᠶ ᠪᠣᠯᠭᠠᠪᠠ᠃ ᠬᠢᠵᠢᠭ ᠢ ᠰᠡᠷᠭᠡᠶᠢᠯᠡᠨ ᠬᠤᠷᠢᠬᠯᠠᠬᠤ ᠶᠢ ᠪᠠᠶᠢᠩᠭᠤᠵᠢᠭᠤᠯᠤᠭᠰᠠᠨ ᠪᠠᠶᠢᠳᠠᠯ ᠳᠣᠤᠷ᠎ᠠ᠂ ᠮᠠᠨ ᠤ ᠬᠤᠲᠠ ᠶᠢᠨ ᠰᠢᠨ᠎ᠡ ᠵᠢᠯ ᠤᠨ ᠰᠢᠨ᠎ᠡ ᠶᠢᠨ ᠨᠢᠭᠡᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠲᠣᠭᠲᠠᠭᠤᠨ᠂ ᠠᠮᠤᠷ ᠲᠦᠪᠰᠢᠨ᠂ ᠡᠮᠬᠢ ᠵᠢᠷᠤᠮ ᠲᠠᠢ ᠪᠤᠯᠵᠠᠢ᠃ ᠰᠢᠨ᠎ᠡ ᠵᠢᠯ ᠤᠨ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠬᠤᠲᠠ ᠤᠯᠤᠰ ᠤᠨ ᠳᠣᠲᠣᠭᠠᠳᠤ ᠶᠢᠨ ᠵᠢᠭᠤᠯᠴᠢᠯᠠᠬᠰᠠᠳ ᠢ ᠨᠡᠶᠢᠲᠡ 43.37 ᠲᠦᠮᠡᠨ ᠬᠥᠮᠦᠨ ᠤᠳᠠᠭ᠎ᠠ ᠤᠬᠳᠤᠨ ᠵᠤᠴᠢᠯᠠᠵᠤ᠂ ᠵᠢᠭᠤᠯᠴᠢᠯᠠᠯ ᠤᠨ ᠦᠢᠯᠡᠰ ᠤᠨ ᠶᠡᠷᠦᠩᠬᠡᠶᠢᠯᠡᠭᠰᠡᠨ ᠣᠷᠣᠯᠭ᠎ᠠ ᠶᠢ ᠨᠡᠶᠢᠲᠡ 1.51 ᠳ᠋ᠦᠩᠰᠢᠭᠤᠷ ᠲᠥᠭᠦᠷᠢᠭ ᠪᠡᠶᠡᠯᠡᠭᠦᠯᠪᠡ᠃      ᠲᠠᠨᠢᠯᠴᠠᠭᠤᠯᠤᠭᠰᠠᠨ ᠢᠶᠠᠷ᠂ ᠰᠢᠨ᠎ᠡ ᠵᠢᠯ ᠤᠨ ᠭᠤᠷᠪᠠᠨ ᠡᠳᠦᠷ ᠤᠨ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠬᠤᠲᠠ ᠶᠢᠨ ᠡᠳᠦᠷ ᠳᠤᠮᠳᠠᠴᠢ ᠶᠢᠨ ᠤᠬᠳᠤᠨ ᠵᠤᠴᠢᠯᠠᠬᠰᠠᠨ ᠬᠡᠮᠵᠢᠶ᠎ᠡ 144563 ᠬᠥᠮᠦᠨ ᠤᠳᠠᠭ᠎ᠠ ᠳᠤ ᠬᠦᠷᠴᠦ᠂ ᠡᠳᠦᠷ ᠳᠤᠮᠳᠠᠴᠢ ᠶᠢᠨ ᠵᠢᠭᠤᠯᠴᠢᠯᠠᠯ ᠤᠨ ᠦᠢᠯᠡᠰ ᠤᠨ ᠶᠡᠷᠦᠩᠬᠡᠶᠢᠯᠡᠭᠰᠡᠨ ᠣᠷᠣᠯᠭ᠎ᠠ 5020.48 ᠲᠦᠮᠡᠨ ᠲᠥᠭᠦᠷᠢᠭ ᠲᠤ ᠬᠦᠷᠴᠦ᠂ ᠮᠠᠨ ᠤ ᠬᠤᠲᠠ ᠶᠢᠨ ᠤᠬᠳᠤᠨ ᠵᠤᠴᠢᠯᠠᠬᠰᠠᠨ ᠵᠢᠭᠤᠯᠴᠢᠯᠠᠭᠰᠠᠳ ᠤᠨ ᠡᠳᠦᠷ ᠳᠤᠮᠳᠠᠴᠢ ᠶᠢᠨ ᠬᠡᠷᠡᠭᠯᠡᠭᠡ ᠨᠢ ᠬᠦᠮᠦᠨ ᠤᠳᠠᠭ᠎ᠠ ᠪᠦᠷᠢ ᠳᠤ 347.29 ᠲᠥᠭᠦᠷᠢᠭ ᠲᠤ ᠬᠦᠷᠴᠡᠶ᠃ ᠡᠭᠦᠨ ᠳᠤ᠂ ᠰᠢᠨ᠎ᠡ ᠵᠢᠯ ᠤᠨ ᠠᠮᠠᠷᠠᠯᠲᠠ ᠶᠢᠨ ᠲᠦᠷᠦᠭᠦᠤ ᠡᠳᠦᠷ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠢ 129103 ᠬᠥᠮᠦᠨ ᠤᠳᠠᠭ᠎ᠠ ᠤᠬᠳᠤᠨ ᠵᠤᠴᠢᠯᠠᠵᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠦᠢᠯᠡᠰ ᠤᠨ ᠶᠡᠷᠦᠩᠬᠡᠶᠢᠯᠡᠭᠰᠡᠨ ᠣᠷᠣᠯᠭ᠎ᠠ ᠶᠢ 4403.83 ᠲᠦᠮᠡᠨ ᠲᠥᠭᠦᠷᠢᠭ ᠪᠡᠶᠡᠯᠡᠭᠦᠯᠵᠦ᠂ ᠬᠤᠶᠠᠳᠤᠭᠠᠷ ᠡᠳᠦᠷ ᠲᠤᠨᠢ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠢ 160099 ᠬᠥᠮᠦᠨ ᠤᠳᠠᠭ᠎ᠠ ᠤᠬᠳᠤᠨ ᠵᠤᠴᠢᠯᠠᠵᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠦᠢᠯᠡᠰ ᠤᠨ ᠶᠡᠷᠦᠩᠬᠡᠶᠢᠯᠡᠭᠰᠡᠨ ᠣᠷᠣᠯᠭ᠎ᠠ ᠶᠢ 5671.51 ᠲᠦᠮᠡᠨ ᠲᠥᠭᠦᠷᠢᠭ ᠪᠡᠶᠡᠯᠡᠭᠦᠯᠪᠡ︔ ᠭᠤᠷᠪᠠᠳᠤᠭᠠᠷ ᠡᠳᠦᠷ ᠲᠤᠨᠢ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠢ 144487 ᠬᠥᠮᠦᠨ ᠤᠳᠠᠭ᠎ᠠ ᠤᠬᠳᠤᠨ ᠵᠤᠴᠢᠯᠠᠵᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠦᠢᠯᠡᠰ ᠤᠨ ᠶᠡᠷᠦᠩᠬᠡᠶᠢᠯᠡᠭᠰᠡᠨ ᠣᠷᠣᠯᠭ᠎ᠠ ᠶᠢ 4986.10 ᠲᠦᠮᠡᠨ ᠲᠥᠭᠦᠷᠢᠭ ᠪᠡᠶᠡᠯᠡᠭᠦᠯᠪᠡ᠃      ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠠᠴᠠ ᠦᠵᠡᠪᠡᠯ᠂ ᠣᠷᠣᠨ ᠤ ᠳᠣᠲᠣᠷᠠᠬᠢ ᠵᠢᠭᠤᠯᠴᠢᠯᠠᠭᠰᠠᠳ 78.45% ᠶᠢ ᠡᠵᠡᠯᠡᠵᠦ᠂ ᠣᠷᠣᠨ ᠤ ᠭᠠᠳᠠᠨ᠎ᠠ ᠠᠴᠠ ᠢᠷᠡᠭᠰᠡᠨ ᠵᠢᠭᠤᠯᠴᠢᠯᠠᠭᠰᠠᠳ 21.55% ᠶᠢ ᠡᠵᠡᠯᠡᠵᠦ ᠪᠠᠶᠢᠨ᠎ᠠ᠃ ᠣᠷᠣᠨ ᠤ ᠭᠠᠳᠠᠨᠠᠬᠢ ᠵᠢᠭᠤᠯᠴᠢᠯᠠᠭᠰᠠᠳ ᠨᠢ ᠡᠷᠬᠢᠨ ᠲᠣᠭᠤᠷᠢᠨ ᠤ ᠮᠤᠵᠢ ᠬᠤᠲᠠ ᠶᠢᠨ ᠵᠢᠭᠤᠯᠴᠢᠯᠠᠬᠰᠠᠳ ᠢᠶᠠᠷ ᠭᠤᠤᠯᠯᠠᠵᠤ᠂ ᠾᠧᠪᠸᠢ ᠮᠤᠵᠢ᠂ ᠱᠠᠨ ᠰᠢ ᠮᠤᠵᠢ᠂ ᠬᠠᠷᠠᠮᠥ᠋ᠷᠡᠨ ᠮᠤᠵᠢ᠂ ᠱᠠᠨᠳᠦ᠋ᠩ ᠮᠤᠵᠢ ᠪᠠ ᠴᠦᠩᠴᠢᠩ ᠬᠤᠲᠠ ᠵᠡᠷᠭᠡ ᠲᠠᠪᠤᠨ ᠮᠤᠵᠢ ᠬᠤᠲᠠ ᠠᠴᠠ ᠢᠷᠡᠭᠰᠡᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠨᠡᠯᠢᠶᠡᠳ ᠣᠯᠠᠨ ᠪᠠᠶᠢᠵᠤ᠂ ᠣᠷᠣᠨ ᠤ ᠭᠠᠳᠠᠨᠠᠬᠢ ᠲᠦᠷᠦᠭᠦᠦ ᠲᠠᠪᠤ ᠳᠤ ᠵᠢᠬᠰᠠᠭᠠᠬᠳᠠᠬᠤ ᠵᠢᠭᠤᠯᠴᠢᠯᠠᠬᠰᠠᠳ ᠤᠨ ᠡᠵᠡᠯᠡᠭᠦ ᠬᠠᠷᠢᠴᠠᠯ ᠨᠢ 14.65% ᠳᠤ ᠬᠦᠷᠴᠦ᠂ ᠵᠡᠭᠦᠨ ᠡᠮᠦᠨᠡᠲᠦ ᠤᠷᠤᠨ᠂ ᠪᠠᠷᠠᠭᠤᠨ ᠡᠮᠦᠨᠡᠲᠦ ᠤᠷᠤᠨ ᠤ ᠵᠢᠭᠤᠯᠴᠢᠯᠠᠭᠰᠠᠳ ᠨᠡᠯᠢᠶᠡᠳ ᠴᠥᠭᠡᠨ ᠪᠠᠶᠢᠨ᠎ᠠ᠃ ᠣᠷᠣᠨ ᠤ ᠳᠣᠲᠣᠷᠠᠬᠢ ᠵᠢᠭᠤᠯᠴᠢᠯᠠᠭᠰᠠᠳ ᠤᠨ ᠬᠠᠭᠠᠰ ᠠᠴᠠ ᠳᠡᠭᠡᠭᠰᠢᠬᠢ ᠨᠢ ᠬᠦᠬᠡᠬᠤᠳᠠ ᠪᠣᠯᠤᠨ ᠡᠷᠬᠢᠨ ᠲᠣᠭᠤᠷᠢᠨ ᠤ ᠠᠶᠢᠮᠠᠭ ᠬᠤᠲᠠ ᠠᠴᠠ ᠢᠷᠡᠯᠲᠡ ᠲᠠᠢ ᠪᠠᠶᠢᠵᠤ᠂ ᠬᠥᠬᠡᠬᠤᠲᠠ᠂ ᠤᠯᠠᠭᠠᠨᠴᠠᠪ ᠬᠤᠲᠠ ᠪᠣᠯᠤᠨ ᠣᠷᠳᠣᠰ ᠬᠤᠲᠠ ᠠᠴᠠ ᠢᠷᠡᠭᠰᠡᠨ ᠵᠢᠭᠤᠯᠴᠢᠯᠠᠭᠰᠠᠳ ᠤᠨ ᠲᠤᠭ᠎ᠠ ᠨᠢ ᠬᠦᠬᠡᠬᠤᠳᠠ ᠶᠢᠨ ᠤᠷᠤᠨ ᠤ ᠳᠣᠲᠣᠷᠠᠬᠢ ᠵᠢᠭᠤᠯᠴᠢᠯᠠᠭᠰᠠᠳ ᠤᠨ ᠶᠡᠷᠦᠩᠬᠡᠶ ᠲᠣᠭᠠᠨ ᠤ 64.83% ᠶᠢ ᠡᠵᠡᠯᠡᠵᠦ ᠪᠠᠶᠢᠨ᠎ᠠ᠃      ᠵᠢᠭᠤᠯᠴᠢᠯᠠᠭᠰᠠᠳ ᠤᠨ ᠬᠡᠷᠡᠭᠯᠡᠭᠡᠨ ᠤ ᠪᠦᠲᠦᠴᠡ ᠠᠴᠠ ᠦᠵᠡᠪᠡᠯ᠂ ᠮᠠᠨ ᠤ ᠬᠤᠲᠠ ᠳᠤ ᠢᠷᠡᠭᠰᠡᠨ ᠵᠢᠭᠤᠯᠴᠢᠯᠠᠭᠰᠠᠳ ᠤᠨ ᠵᠠᠷᠤᠳᠠᠯ ᠨᠢ ᠭᠤᠤᠯᠳᠠᠭᠤ ᠪᠠᠷᠠᠭ᠎ᠠ ᠬᠤᠳᠠᠯᠳᠤᠨ ᠠᠪᠬᠤ ᠬᠡᠷᠡᠭᠯᠡᠭᠡ᠂ ᠬᠤᠨᠤᠭ ᠤᠨ ᠬᠡᠷᠡᠭᠯᠡᠭᠡ ᠪᠠ ᠢᠳᠡᠭᠡᠨ ᠤᠮᠳᠠᠭᠠᠨ ᠤ ᠬᠡᠷᠡᠭᠯᠡᠭᠡ ᠳᠡᠭᠡᠷ᠎ᠡ ᠲᠥᠪᠯᠡᠷᠡᠵᠦ ᠪᠠᠶᠢᠨ᠎ᠠ᠂ ᠡᠭᠦᠨ ᠳᠤ᠂ ᠪᠠᠷᠠᠭ᠎ᠠ ᠬᠤᠳᠠᠯᠳᠤᠨ ᠠᠪᠬᠤ ᠵᠠᠷᠤᠳᠠᠯ ᠨᠢ ᠬᠠᠮᠤᠭ ᠤᠨ ᠥᠨᠳᠥᠷ ᠪᠠᠶᠢᠵᠤ᠂ ᠵᠢᠭᠤᠯᠴᠢᠯᠠᠭᠰᠠᠳ ᠤᠨ ᠶᠡᠷᠦᠩᠬᠡᠶ ᠵᠠᠷᠤᠳᠠᠯ ᠤᠨ 24.51% ᠶᠢ ᠡᠵᠡᠯᠡᠵᠦ᠂ ᠬᠤᠨᠤᠭ ᠤᠨ ᠵᠠᠷᠤᠳᠠᠯ ᠨᠢ 17.82% ᠢ ᠡᠵᠡᠯᠡᠵᠦ᠂ ᠢᠳᠡᠭᠡᠨ ᠤᠮᠳᠠᠭᠠᠨ ᠤ ᠵᠠᠷᠤᠳᠠᠯ ᠨᠢ 17.69% ᠶᠢ ᠡᠵᠡᠯᠡᠵᠦ᠂ ᠵᠠᠮ ᠬᠠᠷᠢᠯᠴᠠᠭᠠᠨ ᠤ ᠵᠠᠷᠤᠳᠠᠯ ᠨᠢ 13.67% ᠶᠢ ᠡᠵᠡᠯᠡᠵᠦ᠂ ᠵᠤᠭ᠎ᠠ ᠴᠡᠩᠭᠡᠯ ᠤᠨ ᠵᠠᠷᠤᠳᠠᠯ ᠨᠢ 11.75% ᠶᠢ ᠡᠵᠡᠯᠡᠵᠦ᠂ ᠦᠵᠡᠮᠵᠢ ᠶᠢᠨ ᠣᠷᠣᠨ ᠢᠶᠠᠷ ᠵᠤᠭᠠᠴᠠᠨ ᠨᠠᠭᠠᠳᠤᠬᠰᠠᠨ ᠵᠠᠷᠤᠳᠠᠯ ᠨᠢ 5.41% ᠶᠢ ᠡᠵᠡᠯᠡᠵᠦ ᠪᠠᠶᠢᠨ᠎ᠠ᠃ http://mongol.people.com.cn/15834448.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ