ᠰᠢᠨ᠎ᠡ ᠬᠤᠲᠠ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠰᠠᠶᠢᠨ ᠮᠠᠭᠤ ᠦᠨᠡᠯᠡᠯᠲᠡ︾ ᠶᠢᠨ ᠤᠬᠠᠭᠤᠯᠭ᠎ᠠ ᠶᠢ ᠢᠳᠡᠪᠬᠢᠲᠡᠶ ᠥᠷᠨᠢᠭᠦᠯᠵᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2021/1/7
      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠦᠨᠡᠯᠡᠯᠲᠡ︾ ᠶᠢᠨ ᠲᠦᠷᠢᠮ ᠢ ᠪᠠᠶᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠣᠳᠠᠲᠠᠶ ᠲᠠᠢ ᠪᠠᠨ ᠤᠶᠠᠯᠳᠤᠭᠤᠯᠤᠨ ︽ᠰᠠᠶᠢᠨ ᠮᠠᠭᠤ ᠦᠨᠡᠯᠡᠯᠲᠡ︾ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨᠠᠬᠢ ᠬᠤᠶᠠᠷ ᠱᠠᠲᠤᠨ ᠳᠤ ᠤᠬᠠᠭᠤᠯᠪᠠ᠃
     ᠰᠢᠨ᠎ᠡ ᠬᠤᠲᠠ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ LED ᠳᠡᠯᠭᠡᠴᠡ ᠶᠢ ᠦᠷᠭᠦᠯᠵᠢᠯᠡᠨ ᠭᠦᠢᠴᠡᠳ ᠠᠰᠢᠭᠯᠠᠵᠤ᠂ ᠣᠯᠠᠨ ᠠᠷᠭ᠎ᠠ ᠵᠠᠮ᠂ ᠣᠯᠠᠨ ᠲᠠᠯ᠎ᠠ᠂ ᠪᠣᠰᠤᠭ᠎ᠠ ᠴᠣᠭᠴᠠᠲᠤ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠦᠨᠡᠯᠡᠯᠲᠡ︾ ᠶᠢᠨ ᠠᠵᠢᠯ ᠢ ᠭᠦᠨᠵᠡᠭᠡᠶ ᠤᠬᠠᠭᠤᠯᠵᠤ᠂ ︽ᠰᠠᠶᠢᠨ ᠮᠠᠭᠤ ᠦᠨᠡᠯᠡᠯᠲᠡ︾ ᠶᠢᠨ ᠠᠵᠢᠯ ᠤᠨ ᠨᠡᠶᠢᠭᠡᠮ ᠤᠨ ᠣᠶᠢᠯᠠᠭᠠᠬᠤ ᠨᠣᠷᠮ᠎ᠠ ᠪᠠ ᠣᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠵᠢᠯ ᠤᠨ ᠰᠤᠷᠲᠠᠯ ᠢᠶᠠᠨ ᠲᠠᠰᠤᠷᠠᠯᠲᠠ ᠥᠬᠡᠶ ᠰᠠᠶᠢᠵᠢᠷᠠᠭᠤᠯᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢᠶᠠᠨ ᠦᠷᠭᠦᠯᠵᠢᠯᠡᠨ ᠳᠡᠭᠡᠭᠰᠢᠯᠡᠬᠦ ᠶᠢ ᠠᠬᠢᠭᠤᠯᠤᠨ᠎ᠠ᠃
       ᠰᠢᠨ᠎ᠡ ᠪᠠᠶᠢᠳᠠᠯ ᠳᠤ ᠨᠡᠩ ᠰᠠᠶᠢᠲᠤᠷ ᠵᠣᠬᠢᠴᠠᠵᠤ᠂ ᠤᠯᠠᠨ ᠬᠡᠯᠪᠡᠷᠢ ᠪᠠᠷ ᠲᠤᠭ᠎ᠠ ᠪᠦᠷᠢᠳᠬᠡᠯ ᠤᠨ ᠤᠬᠠᠭᠤᠯᠭ᠎ᠠ ᠶᠢ ᠰᠠᠶᠢᠲᠤᠷ ᠬᠢᠬᠦ ᠶᠢᠨ ᠲᠥᠯᠥᠭᠡ᠂ ᠮᠠᠨ ᠤ ᠲᠤᠪᠴᠢᠶ᠎ᠠ ᠨᠠᠷᠢᠨ ᠬᠢᠨᠠᠮᠠᠭᠠᠢ ᠲᠥᠯᠥᠪᠵᠢᠭᠦᠯᠵᠦ᠂ ᠲᠡᠷᠡ ᠳᠠᠷᠤᠢ ᠳᠤᠨᠢ ᠸᠢᠴᠠᠲ ᠤᠯᠠᠨ ᠨᠡᠶᠢᠲᠡ ᠶᠢᠨ ᠳᠠᠪᠴᠠᠩ ᠵᠡᠷᠭᠡ ᠰᠢᠨ᠎ᠡ ᠵᠠᠭᠤᠴᠢᠯᠠᠭᠤᠷ ᠳᠡᠭᠡᠷ᠎ᠡ ︽ᠰᠠᠶᠢᠨ ᠮᠠᠭᠤ ᠦᠨᠡᠯᠡᠯᠲᠡ︾ ᠶᠢᠨ ᠤᠬᠠᠭᠤᠯᠭ᠎ᠠ ᠶᠢᠨ ᠸᠢᠳᠢᠣ᠋ ᠶᠢ ᠬᠦᠷᠭᠡᠵᠦ᠂ ᠰᠢᠨ᠎ᠡ ᠵᠠᠭᠤᠴᠢᠯᠠᠭᠤᠷ ᠤᠨ ᠲᠠᠪᠴᠠᠩ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠨᠡᠶᠢᠲᠡᠯᠡᠬᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠲᠠᠶᠢᠯᠪᠤᠷᠢᠯᠠᠬᠤ᠂ ᠲᠤᠭ᠎ᠠ ᠪᠦᠷᠢᠳᠬᠡᠯ ᠤᠨ ᠮᠡᠳᠡᠯᠭᠡ ᠶᠢ ᠲᠦᠭᠡᠮᠡᠯᠵᠢᠭᠦᠯᠬᠦ᠂ ᠲᠤᠭ᠎ᠠ ᠪᠦᠷᠢᠳᠬᠡᠯ ᠤᠨ ᠬᠠᠤᠯᠢᠵᠢᠯ ᠢ ᠤᠬᠠᠭᠤᠯᠬᠤ ᠪᠠ ᠲᠤᠭ᠎ᠠ ᠪᠦᠷᠢᠳᠬᠡᠯ ᠤᠨ ᠰᠣᠶᠣᠯ ᠢ ᠤᠯᠠᠮᠵᠢᠯᠠᠬᠤ ᠳᠤᠮᠳᠠᠬᠢ ᠳᠠᠪᠠᠭᠤᠯᠢᠭ ᠪᠠ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠭ᠎ᠠ ᠪᠦᠷᠢᠳᠬᠡᠯ ᠤᠨ ᠤᠬᠠᠭᠤᠯᠭ᠎ᠠ ᠶᠢᠨ ᠡᠷᠴᠢᠮ ᠢ ᠦᠨᠡᠨ ᠬᠦ ᠴᠢᠩᠭᠠᠷᠠᠭᠤᠯᠪᠠ᠃
     ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠲᠡᠭ ᠵᠠᠶ ᠲᠠᠢ ᠤᠬᠠᠭᠤᠯᠭ᠎ᠠ ᠪᠠᠷ ᠳᠠᠮᠵᠢᠭᠤᠯᠤᠨ᠂ ︽ᠰᠠᠶᠢᠨ ᠮᠠᠭᠤ ᠦᠨᠡᠯᠡᠯᠲᠡ︾ ᠶᠢᠨ ᠤᠬᠠᠭᠤᠯᠭ᠎ᠠ ᠶᠢᠨ ᠠᠵᠢᠯ ᠢ ᠦᠨᠡᠨ ᠬᠦ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ︽ᠰᠠᠶᠢᠨ ᠮᠠᠭᠤ ᠦᠨᠡᠯᠡᠯᠲᠡ︾ ᠶᠢᠨ ᠲᠦᠷᠢᠮ ᠢ ᠪᠣᠳᠠᠲᠠᠶ ᠳᠤ ᠨᠠᠶᠢᠳᠠᠪᠤᠷᠢᠵᠢᠭᠤᠯᠤᠨ᠂ ︽ᠦᠢᠯᠡᠴᠢᠯᠡᠭᠡᠨ ᠤ ᠠᠮᠵᠢᠯᠲᠠ ᠪᠦᠲᠦᠮᠵᠢ ᠶᠢ ᠠᠵᠤ ᠠᠬᠤᠶᠢᠯᠠᠯ ᠪᠠ ᠣᠯᠠᠨ ᠲᠦᠮᠡᠨ ᠠᠴᠠ ᠦᠨᠡᠯᠡᠨ ᠲᠣᠭᠲᠠᠭᠠᠬᠤ ︾ ᠲᠥᠪ ᠴᠢᠩᠭ᠎ᠠ ᠠᠮᠠᠯᠠᠯᠲᠠ ᠶᠢ ᠦᠨᠡᠨ ᠬᠦ ᠪᠡᠶᠡᠯᠡᠭᠦᠯᠦᠨ᠎ᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号