ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠴᠢ ᠰᠢᠶᠤᠤ ᠶᠠᠨ︶ | ᠰᠤᠷᠪᠤᠯᠵᠢᠯᠠᠭᠴᠢ ᠲᠦᠷᠦᠭᠦᠬᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠢᠳᠡᠭᠡᠨ ᠤ ᠡᠵᠡᠩᠨᠡᠯᠲᠡ ᠶᠢᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠥᠷᠭᠡᠨ ᠣᠯᠠᠨ ᠲᠦᠮᠡᠨ ᠤ ᠢᠳᠡᠭᠡᠨ | ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠣᠶᠢᠷ᠎ᠠ ᠳᠤ ᠸᠢᠳᠢᠣ᠋ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠳᠠᠬᠢ | ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠬᠠᠮᠲᠤ ᠪᠠᠷ ᠬᠤᠭᠤᠯᠠ ᠢᠳᠡᠬᠦ ᠬᠢᠵᠢᠭ ᠢ ᠰᠡᠷᠭᠡᠶᠢᠯᠡᠨ | ᠬᠤᠷᠢᠬᠯᠠᠬᠤ ᠪᠠ ᠢᠳᠡᠭᠡᠨ ᠤ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠳᠤᠷ | ᠬᠢᠬᠦ ᠲᠤᠬᠠᠢ ᠲᠣᠬᠢᠷᠠᠭᠤᠯᠤᠯᠳᠡ ᠪᠠᠶᠢᠷᠢᠯᠠᠭᠤᠯᠤᠯᠳᠠ ᠬᠢᠪᠡ᠃ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢ | 100 ᠬᠥᠮᠦᠨ ᠠᠴᠠ ᠳᠡᠭᠡᠭᠰᠢ ᠬᠠᠮᠲᠤ ᠶᠢᠨ ᠬᠤᠭᠤᠯᠠ ᠶᠢ ᠳᠠᠭᠠᠭᠠᠨ ᠠᠪᠬᠤ ᠳᠤ ᠬᠠᠷᠢᠶ᠎ᠠ ᠭᠠᠵᠠᠷ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ ᠬᠡᠵᠦ | ᠱᠠᠭᠠᠷᠳᠠᠪᠠ᠃ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ᠂ ᠡᠯ᠎ᠡ ᠱᠠᠲᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠢᠳᠡᠭᠡᠨ ᠤᠮᠳᠠᠭᠠᠨ ᠤ ᠠᠵᠤ ᠠᠬᠤᠶᠢᠯᠠᠯ ᠨᠢ | ᠪᠠᠶᠠᠷ ᠤᠨ ᠡᠳᠦᠷ ᠤᠨ ᠬᠤᠭᠤᠴᠠᠭᠠᠨ ᠳᠠᠬᠢ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠬᠢᠵᠢᠭ ᠢ | ᠰᠡᠷᠭᠡᠶᠢᠯᠡᠨ ᠬᠤᠷᠢᠬᠯᠠᠬᠤ ᠪᠠ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ | ᠬᠢᠬᠦ ᠴᠢᠬᠤᠯᠠ ᠴᠢᠨᠠᠷ ᠪᠣᠯᠤᠨ ᠲᠤᠯᠭᠠᠮ ᠴᠢᠨᠠᠷ ᠢ ᠬᠦᠢᠴᠡᠳ ᠲᠠᠨᠢᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ | ᠪᠣᠯᠤᠨ ᠬᠢᠵᠢᠭ ᠢ ᠰᠡᠷᠭᠡᠶᠢᠯᠡᠨ ᠬᠤᠷᠢᠬᠯᠠᠬᠤ ᠬᠤᠤᠰ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠬᠤ ᠬᠡᠷᠡᠭᠲᠡᠶ᠃ | ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠨᠢ 100 ᠬᠥᠮᠦᠨ ᠠᠴᠠ ᠳᠡᠭᠡᠭᠰᠢ ᠬᠠᠮᠲᠤ ᠶᠢᠨ ᠬᠤᠭᠤᠯᠠ ︵ | ᠬᠤᠷᠢᠮ ᠪᠡᠯᠪᠡᠰᠦᠷᠡᠯ ᠤᠨ ᠨᠠᠶᠢᠷ᠂ ᠲᠥᠷᠥᠭᠰᠡᠨ ᠡᠳᠦᠷ ᠤᠨ ᠨᠠᠶᠢᠷ᠂ ᠬᠤᠷᠠᠯ ᠴᠤᠭᠯᠠᠭᠠᠨ ᠨᠠᠶᠢᠷ ᠵᠡᠷᠭᠡ ᠪᠠᠭᠲᠠᠨ᠎ᠠ︶ | ᠶᠢ ᠳᠠᠭᠠᠭᠠᠨ ᠠᠪᠬᠤ ᠳᠤ᠂ ᠬᠥᠳᠡᠭᠡ ᠲᠣᠰᠬᠤᠨ ᠤ ᠬᠠᠮᠲᠤ ᠶᠢᠨ ᠬᠤᠭᠤᠯᠠ ᠶᠢᠨ ᠦᠢᠯᠡᠴᠢᠯᠡᠭᠡᠨ ᠤ ᠠᠩᠭᠢ ᠨᠢ | 40 ᠬᠥᠮᠦᠨ ᠠᠴᠠ ᠳᠡᠭᠡᠭᠰᠢ ᠬᠠᠮᠲᠤ ᠪᠠᠷ ᠬᠤᠭᠤᠯᠠ ᠢᠳᠡᠬᠦ ᠨᠢᠭᠡ ᠤᠳᠠᠭ᠎ᠠ ᠶᠢᠨ ᠴᠢᠨᠠᠷᠲᠠᠶ ᠠᠵᠢᠯᠯᠠᠭ᠎ᠠ ᠶᠢ | ᠳᠠᠭᠠᠭᠠᠨ ᠠᠪᠬᠤ ᠳᠤ ᠬᠠᠷᠢᠶ᠎ᠠ ᠭᠠᠵᠠᠷ ᠤᠨ ᠢᠶᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ᠂ | ᠬᠥᠳᠡᠭᠡ ᠲᠣᠰᠬᠤᠨ ᠤ ᠬᠠᠮᠲᠤ ᠶᠢᠨ ᠬᠤᠭᠤᠯᠠᠨ ᠤ ᠦᠢᠯᠡᠴᠢᠯᠡᠭᠡᠨ ᠤ ᠠᠩᠬᠢ ᠨᠢ ᠡᠷᠬᠢᠯᠡᠬᠦ ᠲᠠᠯ᠎ᠠ ᠶᠢᠨ ᠬᠢᠨ ᠲᠠᠢ | ᠬᠢᠵᠢᠭ ᠢ ᠰᠡᠷᠭᠡᠶᠢᠯᠡᠨ ᠬᠤᠷᠢᠬᠯᠠᠬᠤ ᠠᠮᠠᠯᠠᠯᠲᠠ ᠶᠢᠨ ᠪᠢᠴᠢᠭ ᠲᠣᠭᠲᠠᠵᠤ᠂ ᠬᠢᠵᠢᠭ ᠢ ᠰᠡᠷᠭᠡᠶᠢᠯᠡᠨ ᠬᠤᠷᠢᠬᠯᠠᠬᠤ | ᠠᠵᠢᠯ ᠢ ᠡᠬᠢ ᠡᠭᠦᠰᠦᠯ ᠠᠴᠠ ᠨᠢ ᠰᠠᠶᠢᠲᠤᠷ ᠬᠢᠬᠦ ᠬᠡᠷᠡᠭᠲᠡᠢ᠃ ᠴᠢᠭᠯᠡᠬᠦᠯᠦᠯᠳᠦ ᠴᠢᠨᠡᠷ ᠪᠠ ᠬᠡᠷᠡᠭᠵᠢᠭᠦᠯᠵᠦ | ᠪᠣᠯᠬᠤᠶᠢᠴᠠ ᠴᠢᠨᠠᠷ ᠢᠶᠠᠷ ᠴᠢᠩᠭ᠎ᠠ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠤᠨ ᠲᠥᠰᠦᠯ ᠪᠣᠯᠤᠨ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠥᠰᠦᠯ ᠲᠣᠭᠲᠠᠭᠠᠵᠤ᠂ ᠲᠠᠯᠠᠪᠠᠢ ᠳᠤ ᠣᠷᠣᠬᠤ ᠵᠣᠴᠢᠳ ᠤᠨ ᠪᠡᠶ᠎ᠡ ᠶᠢᠨ | ᠬᠠᠯᠠᠭᠤᠨ ᠢ ᠬᠡᠮᠵᠢᠬᠦ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠨᠡᠶᠢᠲᠡ ᠶᠢᠨ ᠰᠠᠪᠬ᠎ᠠ ᠨᠡᠶᠢᠳᠡ ᠶᠢᠨ | ᠰᠢᠨᠠᠭ᠎ᠠ ᠨᠡᠶᠢᠲᠡ ᠶᠢᠨ ᠬᠠᠪᠴᠢᠭᠤᠷ ᠢ ᠬᠡᠷᠡᠭᠯᠡᠬᠦ ᠡᠷᠴᠢᠮ ᠢ ᠴᠢᠩᠭᠠᠷᠠᠭᠤᠯᠬᠤ ᠬᠡᠷᠡᠭᠳᠡᠢ᠃ ᠡᠷᠬᠢᠯᠡᠬᠦ | ᠲᠠᠯ᠎ᠠ ᠶᠢᠨ ᠬᠢᠨ ᠤ ᠵᠦᠢ ᠵᠣᠬᠢᠰᠲᠠᠶ ᠬᠤᠭᠤᠯᠠ ᠵᠠᠬᠢᠶᠠᠯᠠᠬᠤ᠂ ᠰᠢᠨᠵᠢᠯᠡᠬᠦ ᠤᠬᠠᠭᠠᠨᠴᠢ ᠪᠠᠷ ᠬᠤᠭᠤᠯᠠ ᠵᠠᠬᠢᠶᠠᠯᠠᠬᠤ ᠶᠢ | ᠬᠥᠲᠥᠯᠥᠨ ᠵᠢᠯᠣᠭᠤᠳᠴᠤ᠂ ᠪᠦᠷᠢᠯᠭᠡᠨ ᠰᠦᠢᠳᠬᠡᠬᠦ ᠶᠢ ᠲᠡᠪᠴᠢᠨ᠂ ᠲᠣᠭᠤᠭᠠᠨ ᠭᠡᠷ ᠤᠨ ᠦᠯᠡᠳᠡᠪᠦᠷᠢ ᠬᠤᠭ | ᠨᠣᠪᠰᠢ ᠶᠢ ᠪᠠᠭᠠᠰᠬᠠᠬᠤ ᠬᠡᠷᠡᠭᠳᠡᠢ᠃ ᠭᠠᠳᠠᠭᠠᠳᠤ ᠠᠴᠠ ᠣᠷᠣᠭᠤᠯᠬᠤ ᠬᠦᠢᠳᠡᠨ ᠢᠶᠠᠷ ᠬᠠᠳᠠᠭᠠᠯᠠᠬᠤ ᠬᠡᠯᠬᠢᠶᠡᠲᠦ | ᠢᠳᠡᠭᠡᠨ ᠤ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠹᠧᠨᠲ᠋ᠢᠶᠤᠤᠷ ᠤᠨ ᠪᠦᠳᠦᠭᠡᠭᠳᠡᠬᠦᠨ | ᠣᠷᠣᠭᠤᠯᠬᠤ ᠪᠣᠭᠤᠮᠲᠠ ᠶᠢ ᠴᠢᠩᠭ᠎ᠠ ᠠᠳᠬᠤᠨ᠂ ᠨᠦᠸᠧ ᠷᠦ᠋ ᠸᠢᠷᠦ᠋ᠰ ᠤᠨ ᠬᠠᠯᠳᠠᠪᠤᠷᠢᠯᠠᠯ ᠢ ᠴᠢᠩᠭ᠎ᠠ | ᠰᠡᠷᠭᠡᠶᠢᠯᠡᠵᠦ᠂ ᠲᠦᠭᠦᠬᠡᠶ ᠮᠠᠲ᠋ᠧᠷᠢᠶᠠᠯ ᠤᠨ ᠬᠡᠷᠡᠭᠯᠡᠯᠲᠡ ᠶᠢ ᠴᠢᠩᠭ᠎ᠠ ᠬᠢᠵᠠᠭᠠᠷᠯᠠᠨ᠂ ︽ᠢᠳᠡᠭᠡᠨ ᠤᠮᠳᠠᠭᠠᠨ ᠤ | ᠦᠢᠯᠡᠴᠢᠯᠡᠭᠡ ᠶᠢᠨ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ︾ ᠤᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠳᠡᠢ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠢᠳᠡᠭᠡᠨ ᠤᠮᠳᠠᠭᠠᠨ ᠤ ᠠᠮᠤᠷ ᠲᠦᠪᠰᠢᠨ ᠤ ᠬᠡᠮ ᠰᠣᠭᠤᠭ ᠢ ᠪᠥᠬᠦ | ᠲᠠᠯ᠎ᠠ ᠪᠠᠷ ᠵᠢᠭᠰᠠᠭᠠᠨ ᠪᠠᠶᠢᠴᠠᠭᠠᠵᠤ᠂ ᠤᠬᠢᠶᠠᠵᠤ ᠠᠷᠢᠭᠤᠳᠬᠠᠬᠤ ᠪᠡᠯᠡᠳᠬᠡᠮᠵᠢ ᠲᠦᠭᠦᠭᠡᠷᠦᠮᠵᠢ᠂ ᠦᠨᠡᠮᠯᠡᠯ ᠪᠠ | ᠫᠢᠶᠣᠣ ᠪᠠᠷᠢᠮᠲᠠ ᠠᠪᠬᠤ᠂ ᠡᠳ᠋ᠰᠢᠭᠦᠯᠦᠨ ᠪᠣᠯᠪᠠᠰᠤᠷᠠᠭᠤᠯᠬᠤ ᠠᠵᠢᠯᠯᠠᠭ᠎ᠠ᠂ ᠠᠵᠢᠯᠲᠠᠨ ᠤ ᠡᠷᠡᠭᠦᠯ ᠮᠡᠨᠳᠦ ᠵᠡᠷᠭᠡ | ᠲᠠᠯ᠎ᠠ ᠪᠠᠷ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃ | ᠪᠠᠶᠢᠴᠠᠭᠠᠵᠤ ᠭᠠᠷᠭᠠᠭᠰᠠᠨ ᠠᠰᠠᠭᠤᠳᠠᠯ ᠪᠤᠶᠤ ᠳᠠᠯᠳᠠ ᠭᠡᠮ ᠢ ᠪᠦᠬᠦ ᠲᠠᠯ᠎ᠠ ᠪᠠᠷ ᠰᠢᠪᠠᠳᠠᠨ ᠪᠠᠶᠢᠴᠠᠭᠠᠵᠤ ᠰᠢᠪᠠᠳᠠᠨ | ᠭᠦᠢᠴᠡᠳᠬᠡᠯᠭᠡᠵᠦ᠂ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠬᠡᠵᠦ | ᠱᠠᠭᠠᠷᠳᠠᠵᠠᠢ᠃ | http://mongol.people.com.cn/15834571.html |