ᠮᠠᠨ ᠤ ᠬᠤᠲᠠ ᠰᠤᠷᠭᠠᠭᠤᠯᠢ ᠶᠢᠨ ᠡᠷᠭᠢᠨ ᠲᠣᠭᠤᠷᠢᠨ ᠤ ︽ᠭᠤᠷᠪᠠ ᠦᠭᠡᠢ︾ ᠪᠦᠲᠦᠭᠡᠭᠳᠡᠬᠦᠨ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠬᠦᠯᠬᠦ ᠪᠠᠷ ᠪᠤᠢ
ᠨᠡᠶᠢᠲᠡᠯᠡᠭᠰᠡᠨ ᠴᠠᠭ᠄
2021/1/7
      ᠬᠥᠬᠡᠬᠤᠲᠠ ᠶᠢᠨ ᠣᠷᠣᠢ ᠶᠢᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠹᠠᠩ︶ 1 ᠳ᠋ᠦ᠋ᠭᠡᠷ ᠰᠠᠷ᠎ᠠ ᠶᠢᠨ 6 ᠤ ᠡᠳᠦᠷ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ  ᠣᠶᠢᠯᠠᠭᠠᠭᠰᠠᠨ ᠢᠶᠠᠷ᠂ ᠬᠡᠦᠬᠡᠳ ᠪᠠ ᠰᠤᠷᠤᠭᠴᠢ ᠶᠢᠨ ᠬᠡᠷᠡᠭᠰᠡᠯ ᠤᠨ ᠶᠠᠰᠤ ᠴᠢᠨᠠᠷ ᠤᠨ ᠠᠶᠤᠯᠭᠦᠢ ᠶᠢᠨ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠲᠤᠳᠬᠠᠵᠤ᠂ ᠰᠤᠷᠭᠠᠭᠤᠯᠢ ᠶᠢᠨ ᠭᠠᠳᠠᠨᠠᠬᠢ ᠠᠶᠤᠯᠭᠦᠢ ᠬᠡᠷᠡᠭᠯᠡᠭᠡᠨ ᠤ ᠣᠷᠴᠢᠨ ᠲᠣᠭᠤᠷᠢᠨ ᠢ ᠪᠣᠢ ᠪᠣᠯᠭᠠᠬᠤ ᠶᠢᠨ ᠲᠤᠰᠠᠳᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨ ᠬᠡᠦᠬᠡᠳ ᠤᠨ ᠲᠣᠭᠯᠠᠭᠠᠮ᠂ ᠰᠤᠷᠤᠭᠴᠢ ᠶᠢᠨ ᠪᠢᠴᠢᠭ ᠤᠨ ᠬᠡᠷᠡᠭᠰᠡᠯ ᠬᠢᠭᠡᠳ ᠰᠤᠷᠭᠠᠭᠤᠯᠢ ᠶᠢᠨ ᠬᠤᠪᠴᠠᠰᠤ ᠵᠡᠷᠭᠡ ᠭᠤᠷᠪᠠᠨ ᠲᠥᠷᠥᠯ ᠤᠨ ᠪᠦᠲᠦᠭᠡᠭᠳᠡᠬᠦᠨ ᠢ ᠭᠤᠣᠯᠳᠠᠯᠭ᠎ᠠ ᠪᠣᠯᠭᠠᠨ᠂ ᠰᠤᠷᠭᠠᠭᠤᠯᠢ ᠶᠢᠨ ᠡᠷᠭᠢᠨ ᠲᠣᠭᠤᠷᠢᠨ ᠤ ᠬᠤᠳᠠᠯᠳᠤᠭᠠᠨ ᠤ ᠡᠷᠦᠬᠡ ᠶᠢ ᠭᠤᠣᠯᠳᠠᠯᠭ᠎ᠠ ᠲᠠᠢ ᠪᠠᠶᠢᠴᠠᠭᠠᠬᠤ ᠡᠲᠡᠭᠡᠳ ᠪᠣᠯᠭᠠᠵᠤ᠂ ᠭᠤᠷᠪᠠᠨ ᠰᠠᠷ᠎ᠠ ᠶᠢᠨ ᠬᠤᠭᠤᠴᠠᠭ᠎ᠠ ᠲᠠᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠬᠦᠯᠬᠦ ᠪᠣᠯᠤᠨ᠎ᠠ᠃            ᠣᠶᠢᠯᠠᠭᠠᠭᠰᠠᠨ ᠢᠶᠠᠷ᠂ ᠲᠤᠰᠬᠠᠶ ᠴᠡᠭᠴᠡᠯᠡᠨ ᠵᠠᠰᠠᠬᠤ ᠳᠤᠮᠳᠠ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯ᠎ᠡ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠢ ᠬᠠᠷᠢᠶ᠎ᠠ ᠣᠷᠣᠨ ᠤ ᠪᠠᠨ ᠬᠡᠤᠬᠡᠳ ᠤᠨ ᠲᠣᠭᠯᠠᠭᠠᠮ ᠰᠤᠷᠤᠭᠴᠢ ᠶᠢᠨ ᠬᠡᠷᠡᠭᠰᠡᠯ ᠤᠨ ᠲᠤᠭ᠎ᠠ ᠬᠡᠮᠵᠢᠶ᠎ᠡ ᠵᠢᠴᠢ ᠮᠡᠳᠡᠭᠡ ᠵᠠᠩᠭᠢ ᠶᠢ ᠲᠣᠳᠣᠷᠬᠠᠶ ᠣᠶᠢᠯᠠᠭᠠᠭᠰᠠᠨ ᠤ ᠳᠠᠷᠠᠭ᠎ᠠ᠂ ᠨᠢᠭᠡᠳᠦᠯᠲᠡᠶ ᠱᠠᠭᠠᠷᠳᠠᠯᠭ᠎ᠠ ᠶᠣᠰᠣᠭᠠᠷ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠰᠦᠯᠢᠶᠣᠣ ᠴᠠᠪᠠᠤ ᠲᠣᠭᠯᠠᠭᠠᠮ ᠂ ᠲᠡᠮᠦᠷᠯᠢᠭ ᠲᠣᠭᠯᠠᠭᠠᠮ ᠵᠡᠷᠭᠡ ᠠᠯᠪᠠᠳᠠᠯᠭ᠎ᠠ ᠪᠠᠷ ᠭᠡᠷᠡᠴᠢᠯᠡᠭᠦᠯᠬᠦ ᠭᠠᠷᠴᠠᠭ ᠲᠤ ᠣᠷᠣᠭᠤᠯᠤᠭᠰᠠᠨ  ᠦᠢᠯᠡᠳᠭᠦᠨ ᠳᠤ CCC ᠦᠨᠡᠮᠯᠡᠯ ᠢ ᠬᠠᠭᠤᠷᠮᠠᠭᠯᠠᠨ ᠵᠣᠬᠢᠶᠠᠭᠰᠠᠨ  ᠂ ᠬᠠᠭᠤᠷᠮᠠᠭᠯᠠᠨ ᠬᠡᠷᠡᠭᠯᠡᠭᠰᠡᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠤᠷᠤᠰᠢᠵᠤ  ᠪᠠᠶᠢᠬᠤ ᠡᠰᠡᠬᠦ ᠵᠢᠴᠢ GB 6675-2014 ︽ᠲᠣᠭᠯᠠᠭᠠᠮ ᠤᠨ ᠠᠮᠤᠷ ᠲᠦᠪᠰᠢᠨ︾ ᠤ ᠰᠢᠷᠢᠰ ᠪᠠᠷᠢᠮᠵᠢᠶ᠎ᠠ ᠳᠤ ᠥᠯᠥ ᠨᠡᠶᠢᠴᠡᠬᠦ ᠬᠡᠤᠬᠡᠳ ᠤᠨ ᠲᠣᠭᠯᠠᠭᠠᠮ ᠵᠢᠴᠢ ᠦᠢᠯᠡᠳᠪᠦᠷᠢ ᠶᠢᠨ ᠨᠡᠷ᠎ᠡ᠂ ᠦᠢᠯᠡᠳᠪᠦᠷᠢ ᠶᠢᠨ ᠬᠠᠶ᠋ᠢᠭ  ᠂ ᠵᠥᠪ ᠲᠠᠸᠠᠷ ᠤᠨ ᠢᠯᠡᠳᠬᠡᠮᠵᠢ ᠲᠡᠮᠳᠡᠭ ᠦᠭᠡᠢ ︽ᠭᠤᠷᠪᠠ ᠦᠭᠡᠢ︾ ᠦᠢᠯᠡᠳᠬᠦᠨ᠂ ᠬᠠᠭᠤᠷᠮᠠᠭ ᠮᠠᠭᠤ ᠦᠢᠯᠡᠳᠬᠦᠨ ᠢ ᠬᠤᠳᠠᠯᠳᠤᠭᠠᠯᠠᠭᠰᠠᠨ ᠡᠰᠡᠬᠦ ᠶᠢ ᠭᠤᠤᠯᠳᠠᠯᠭ᠎ᠠ  ᠲᠠᠢ ᠪᠠᠶᠢᠴᠠᠭᠠᠬᠤ ᠬᠡᠷᠡᠭᠲᠡᠢ  ︔ ᠰᠤᠷᠤᠭᠴᠢᠳ ᠤᠨ ᠪᠢᠴᠢᠭ ᠤᠨ ᠬᠡᠷᠡᠭᠰᠡᠯ ᠳᠤ ᠴᠢᠭᠯᠡᠭᠦᠯᠦᠨ᠂ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠶ ᠦᠢᠯᠡᠳᠬᠦᠨ᠂ ᠦᠢᠯᠡᠳᠪᠦᠷᠢ ᠶᠢᠨ ᠨᠡᠷ᠎ᠡ᠂ ᠦᠢᠯᠡᠳᠪᠦᠷᠢ ᠶᠢᠨ ᠬᠠᠶ᠋ᠢᠭ᠂ ᠵᠥᠪ ᠲᠠᠸᠠᠷ ᠤᠨ ᠲᠡᠮᠳᠡᠭ ᠦᠭᠡᠶ ︽ᠭᠤᠷᠪᠠ ᠦᠭᠡᠶ︾ ᠦᠢᠯᠡᠳᠬᠦᠨ᠂ ᠬᠤᠳᠠᠯ ᠬᠠᠭᠤᠷᠮᠠᠭ ᠴᠢᠨᠠᠷ ᠮᠠᠭᠤ ᠦᠢᠯᠡᠳᠬᠦᠨ ᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ︔ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ  ᠰᠤᠷᠤᠭᠴᠢ ᠶᠢᠨ ᠬᠤᠪᠴᠠᠰᠤ ᠶᠢᠨ ᠦᠢᠯᠡᠳᠭᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠪᠠᠨ ᠴᠢᠩᠭᠠᠳᠬᠠᠵᠤ᠂ ︽ᠭᠤᠷᠪᠠ ᠥᠬᠡᠶ︾ ᠰᠤᠷᠭᠠᠭᠤᠯᠢ ᠶᠢᠨ ᠬᠤᠪᠴᠠᠰᠤ ᠪᠣᠷᠣᠯᠠᠭᠤᠯᠬᠤ  ᠦᠢᠯᠡ ᠠᠵᠢᠯᠯᠠᠭ᠎ᠠ ᠳᠤ ᠴᠣᠬᠢᠯᠲᠠ ᠥᠭᠬᠦ ᠬᠡᠷᠡᠭᠲᠡᠢ᠃ ᠪᠠᠶᠢᠴᠠᠭᠠᠯᠲᠠ ᠶᠢᠨ ᠡᠬᠡ ᠲᠠᠩᠰᠠ ᠵᠣᠬᠢᠶᠠᠵᠤ᠂ ᠪᠠᠶᠢᠴᠠᠭᠠᠭᠰᠠᠨ ᠪᠠᠶᠢᠳᠠᠯ ᠢᠶᠠᠨ ᠨᠠᠷᠢᠨ ᠲᠡᠮᠳᠡᠭᠯᠡᠵᠦ᠂ ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ  ᠪᠠᠳᠤᠯᠠᠬᠤ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号