ᠮᠠᠨ ᠤ ᠬᠤᠲᠠ 2020 ᠣᠨ ᠤ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠬᠢᠷᠢ ᠪᠦᠲᠦᠮᠵᠢ ᠶᠢ ᠦᠨᠡᠯᠡᠨ ᠰᠢᠯᠭᠠᠬᠤ ᠠᠵᠢᠯ ᠤᠨ ᠪᠣᠯᠪᠠᠰᠤᠷᠠᠭᠤᠯᠤᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2021/1/7
      ︵ᠰᠤᠷᠪᠤᠯᠵᠢᠯᠠᠭᠴᠢ ᠠᠷᠢᠭᠤᠨ᠎ᠠ︶ 2020 ᠣᠨ ᠤ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠬᠢᠷᠢ ᠪᠦᠲᠦᠮᠵᠢ ᠶᠢ ᠦᠨᠡᠯᠡᠨ ᠰᠢᠯᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ ᠣᠷᠴᠢᠮᠬᠠᠨ ᠲᠤᠰ ᠱᠠᠲᠤᠨ ᠤ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠬᠢᠷᠢ ᠪᠦᠲᠦᠮᠵᠢ ᠶᠢ ᠦᠨᠡᠯᠡᠨ ᠰᠢᠯᠭᠠᠬᠤ ᠪᠣᠯᠪᠠᠰᠤᠷᠠᠭᠤᠯᠤᠯ ᠤᠨ ᠠᠩᠭᠢ ᠶᠢ ᠡᠷᠬᠢᠯᠡᠨ᠂ 2019 ᠣᠨ ᠤ ᠬᠢᠷᠢ ᠪᠦᠲᠦᠮᠵᠢ ᠶᠢ ᠦᠨᠡᠯᠡᠨ ᠰᠢᠯᠭᠠᠬᠤ ᠠᠵᠢᠯ ᠳᠤ ᠳ᠋ᠦᠩᠨᠡᠯᠲᠡ ᠬᠢᠵᠦ᠂ 2020 ᠣᠨ ᠤ ᠬᠢᠷᠢ ᠪᠦᠲᠦᠮᠵᠢ ᠶᠢ ᠦᠨᠡᠯᠡᠨ ᠰᠢᠯᠭᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ᠂ ᠦᠨᠡᠯᠡᠨ ᠰᠢᠯᠭᠠᠬᠤ ᠰᠢᠰᠲ᠋ᠧᠮ ᠢ ᠬᠡᠷᠡᠭᠯᠡᠬᠦ ᠪᠣᠯᠪᠠᠰᠤᠷᠠᠭᠤᠯᠤᠯ ᠬᠢᠪᠡ᠃ ᠡᠯ᠎ᠡ ᠵᠥᠪᠯᠡᠯ ᠠᠯᠪᠠᠨ ᠭᠡᠷ ᠲᠣᠪᠴᠢᠶ᠎ᠠ ᠶᠢᠨ ᠬᠤᠪᠢᠶᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠬᠥᠮᠥᠨ ᠤ ᠶᠠᠪᠤᠳᠠᠯ ᠤᠨ ᠰᠠᠯᠠᠭᠠᠨ ᠤ ᠰᠠᠯᠠᠭᠠᠨ ᠳᠠᠷᠤᠭ᠎ᠠ᠂ ᠠᠵᠢᠯ ᠦᠢᠯᠡᠰ ᠤᠨ ᠨᠢᠭᠡᠴᠡ ᠶᠢᠨ ᠭᠤᠣᠯ ᠤᠳᠤᠷᠢᠳᠤᠯᠭ᠎ᠠ ᠪᠣᠯᠣᠨ ᠠᠵᠢᠯᠲᠠᠨ ᠨᠡᠶᠢᠲᠡ 760 ᠬᠥᠮᠥᠨ ᠪᠣᠯᠪᠠᠰᠤᠷᠠᠭᠤᠯᠤᠯ ᠳᠤ ᠣᠷᠣᠯᠴᠠᠪᠠ᠃      ᠪᠣᠯᠪᠠᠰᠤᠷᠠᠭᠤᠯᠤᠯ ᠠᠴᠠ ᠴᠢᠬᠤᠯᠠᠴᠢᠯᠠᠭᠰᠠᠨ ᠨᠢ᠂ ᠦᠵᠡᠯᠲᠡ ᠲᠠᠨᠢᠯᠲᠠ ᠪᠠᠨ ᠳᠡᠭᠡᠭᠰᠢᠯᠡᠭᠦᠯᠵᠦ᠂ ᠦᠨᠡᠯᠡᠨ ᠰᠢᠯᠭᠠᠬᠤ ᠠᠵᠢᠯ ᠤᠨ ᠬᠠᠷᠢᠭᠤᠴᠠᠯᠭ᠎ᠠ ᠪᠠᠨ ᠴᠢᠩᠭᠠᠳᠬᠠᠬᠤ ᠬᠡᠷᠡᠭᠲᠡᠢ︔ ᠵᠠᠩᠭᠢᠯᠠᠭ᠎ᠠ ᠶᠢ ᠠᠳᠬᠤᠨ᠂ ᠦᠨᠡᠯᠡᠨ ᠰᠢᠯᠭᠠᠬᠤ ᠠᠵᠢᠯ ᠤᠨ ᠵᠠᠷᠴᠢᠮ ᠢ ᠣᠨᠣᠪᠴᠢᠲᠠᠢ ᠡᠵᠡᠮᠰᠢᠵᠦ᠂ ᠦᠨᠡᠯᠡᠨ ᠰᠢᠯᠭᠠᠭᠰᠠᠨ ᠦᠷ᠎ᠡ ᠳ᠋ᠦᠩ ᠤᠨ ᠪᠤᠰᠤᠳᠴᠢ ᠣᠨᠣᠪᠴᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃      ᠪᠣᠯᠪᠠᠰᠤᠷᠠᠭᠤᠯᠤᠯ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠰᠢᠰᠲ᠋ᠧᠮ ᠢ ᠬᠡᠷᠡᠭᠯᠡᠬᠦ ᠶᠢ ᠦᠨᠡᠨᠬᠦ ᠰᠠᠶᠢᠨ ᠡᠵᠡᠮᠰᠢᠵᠦ᠂ ᠦᠨᠡᠯᠡᠨ ᠰᠢᠯᠭᠠᠬᠤ ᠴᠠᠭ ᠤᠨ ᠭᠤᠭᠴᠤᠭ᠎ᠠ ᠶᠢ ᠪᠠᠷᠢᠮᠲᠠᠯᠠᠨ᠂ ᠤᠷᠢᠳ ᠠᠴᠠ ᠪᠡᠯᠡᠳᠬᠡᠵᠦ᠂ ᠠᠰᠢᠭᠯᠠᠮᠵᠢ ᠶᠠᠰᠤ ᠴᠢᠨᠠᠷ ᠢ ᠳᠡᠭᠡᠭᠰᠢᠯᠡᠭᠦᠯᠦᠨ᠂ 2020 ᠣᠨ ᠤ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠬᠢᠷᠢ ᠪᠦᠲᠦᠮᠵᠢ ᠶᠢ ᠦᠨᠡᠯᠡᠨ ᠰᠢᠯᠭᠠᠬᠤ ᠠᠵᠢᠯ ᠤᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号