2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠶᠡᠷᠦᠩᠬᠡᠶ ᠬᠡᠪᠴᠢᠶ᠎ᠡ ᠵᠢᠱᠢᠯᠲᠡ ᠪᠠᠷ 14 ᠲᠦᠮᠡᠨ ᠬᠥᠮᠦᠨ ᠢ ᠳᠠᠪᠠᠭ᠋ᠤ ᠪᠣᠯᠤᠨ᠎ᠠ
ᠨᠡᠶᠢᠲᠡᠯᠡᠭᠰᠡᠨ ᠴᠠᠭ᠄
2021/1/7
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠭᠦᠢᠴᠡᠳ ᠪᠦᠭᠡᠳ ᠴᠢᠨᠠᠷ ᠰᠠᠶᠢᠲᠠᠶ ᠠᠵᠢᠯ ᠣᠯᠭᠤᠬᠤ ᠶᠢ ᠠᠬᠢᠭᠤᠯᠵᠤ ᠪᠤᠢ      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠸᠠᠩ ᠵᠥᠩ ᠵᠧᠤ︶ ᠲᠦᠷᠦᠭᠦᠬᠡᠨ᠂ 2021 ᠣᠨ ᠤ ᠪᠥᠬᠦ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠪᠤᠰᠬᠠᠬᠤ ᠠᠵᠢᠯ ᠤᠨ ᠰᠦᠯᠵᠢᠶᠡᠨ ᠤ ᠸᠢᠳᠢᠣ᠋ ᠬᠤᠷᠠᠯ ᠬᠤᠷᠠᠯᠳᠤᠪᠠ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 2021 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠶᠡᠷᠦᠩᠬᠡᠶ ᠬᠡᠪᠴᠢᠶ᠎ᠡ ᠵᠢᠱᠢᠯᠲᠡ ᠪᠠᠷ 14 ᠲᠦᠮᠡᠨ ᠬᠥᠮᠦᠨ ᠢ ᠳᠠᠪᠠᠵᠤ᠂ ᠲᠤᠯᠭᠠᠷᠠᠵᠤ ᠪᠠᠶᠢᠭ᠎ᠠ ᠠᠵᠢᠯ ᠣᠯᠭᠤᠯᠲᠠ ᠶᠢᠨ ᠪᠠᠶᠢᠳᠠᠯ ᠬᠦᠨᠳᠦ ᠬᠡᠴᠡᠭᠦᠤ ᠨᠠᠷᠢᠨ ᠪᠤᠳᠤᠯᠢᠶᠠᠨᠲᠠᠶ ᠪᠠᠶᠢᠵᠤ᠂ ᠮᠠᠨ ᠤ ᠣᠷᠣᠨ ᠪᠠᠰᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ 2021 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠠᠩ ᠭᠦᠢᠴᠡᠳ ᠨᠠᠩ ᠴᠢᠨᠠᠷ ᠰᠠᠶᠢᠲᠠᠶ ᠠᠵᠢᠯ ᠤᠯᠬᠤ ᠶᠢ ᠠᠬᠢᠭᠤᠯᠬᠤ ᠪᠠᠷ ᠪᠣᠶ᠃      ᠨᠢᠭᠡ ᠳᠤ᠂ ᠰᠤᠷᠭᠠᠭᠤᠯᠢ ᠲᠡᠭᠦᠰᠦᠭᠰᠡᠳ ᠲᠤ ᠣᠯᠠᠨ ᠠᠷᠭ᠎ᠠ ᠵᠠᠮ ᠢᠶᠠᠷ ᠠᠵᠢᠯ ᠣᠯᠭᠤᠬᠤ ᠶᠢ ᠠᠬᠢᠭᠤᠯᠵᠤ᠂ ᠰᠤᠷᠭᠠᠭᠤᠯᠢ ᠲᠡᠭᠦᠰᠦᠭᠰᠡᠳ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠰᠢᠨ᠎ᠡ ᠪᠠᠷ ᠬᠦᠭᠵᠢᠭᠰᠡᠨ ᠬᠦᠷᠢᠶ᠎ᠠ ᠴᠠᠷᠠᠭ᠎ᠠ᠂ ᠬᠤᠲᠠ ᠬᠥᠳᠡᠭᠡ ᠶᠢᠨ ᠦᠨᠳᠦᠰᠦᠨ ᠱᠠᠲᠤᠨ ᠳᠤ ᠠᠵᠢᠯ ᠣᠯᠭᠤᠵᠤ᠂ ᠰᠤᠷᠭᠠᠭᠤᠯᠢ ᠲᠡᠭᠦᠰᠦᠭᠰᠡᠳ ᠤᠨ ᠴᠡᠷᠢᠭ ᠲᠤ ᠣᠷᠣᠬᠤ ᠶᠢ ᠳᠠᠶᠢᠴᠢᠯᠠᠨ ᠵᠣᠷᠢᠭᠵᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠳᠤ ᠠᠵᠢᠯᠳᠠᠨ ᠡᠯᠰᠡᠬᠦ ᠬᠡᠪᠴᠢᠶ᠎ᠡ ᠶᠢ ᠥᠷᠭᠡᠳᠬᠡᠬᠦ ᠬᠡᠷᠡᠭᠲᠡᠶ᠃ ᠬᠤᠶᠠᠷ ᠲᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠵᠢᠯ ᠤᠨ ᠪᠠᠶᠢᠷᠢ ᠶᠢ ᠨᠠᠶᠢᠳᠠᠪᠤᠷᠢᠵᠢᠭᠤᠯᠬᠤ ᠡᠷᠴᠢᠮ ᠢ ᠴᠢᠩᠭᠠᠷᠠᠭᠤᠯᠵᠤ᠂ 2021 ᠣᠨ ᠤ 6 ᠰᠠᠷ᠎ᠠ ᠶᠢᠨ ᠰᠡᠭᠦᠯᠴᠢ ᠠᠴᠠ ᠡᠮᠦᠨ᠎ᠡ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠵᠢᠯ ᠤᠨ ᠪᠠᠶᠢᠷᠢ ᠳᠤ ᠠᠵᠢᠯᠳᠠᠨ ᠰᠢᠯᠭᠠᠵᠤ ᠡᠯᠰᠡᠬᠦ ᠠᠵᠢᠯ ᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠣᠶᠤᠨᠳᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠪᠣᠯᠤᠨ ᠠᠵᠤ ᠦᠢᠯᠡᠰ ᠤᠨ ᠪᠦᠯᠦᠭᠵᠢᠯ᠂ ᠠᠵᠢᠯ ᠲᠦᠷᠦᠯ ᠣᠷᠣᠨ ᠨᠤᠲᠤᠭ ᠤᠨ ᠵᠤᠯᠭᠠᠯᠴᠠᠭᠤᠯᠤᠯᠳᠠ ᠶᠢᠨ ᠲᠣᠭᠲᠠᠴᠠ ᠶᠢ ᠪᠠᠶᠢᠭᠤᠯᠵᠤ᠂ ᠰᠤᠷᠭᠠᠭᠤᠯᠢ ᠠᠴᠠ ᠡᠯᠰᠡᠭᠦ ᠠᠵᠢᠯ ᠤᠨ ᠪᠠᠶᠢᠷᠢ ᠶᠢᠨ ᠨᠡᠮᠡᠭᠳᠡᠬᠦ ᠠᠴᠠ ᠪᠢᠰᠢ ᠬᠠᠰᠤᠭᠳᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠳᠥᠷᠪᠡ ᠳᠤ᠂ ᠰᠤᠷᠭᠠᠨ ᠬᠥᠮᠦᠵᠢᠯ ᠬᠢᠭᠡᠳ ᠬᠠᠮᠢᠶ᠎ᠠ ᠪᠥᠬᠦᠶ ᠰᠠᠯᠠᠭ᠎ᠠ ᠮᠥᠴᠢᠷ ᠢ ᠬᠠᠷᠢᠯᠴᠠᠨ ᠬᠤᠯᠪᠣᠯᠳᠤᠭᠤᠯᠵᠤ ᠬᠠᠷᠢᠯᠴᠠᠨ ᠨᠡᠪᠲᠡᠷᠡᠯᠴᠡᠬᠦᠯᠭᠦ ᠲᠣᠭᠲᠠᠴᠠ ᠶᠢ ᠪᠠᠶᠢᠭᠤᠯᠵᠤ᠂ ᠠᠶᠢᠮᠠᠭ ᠬᠤᠲᠠ ᠶᠢᠨ ︽ᠭᠤᠷᠪᠠᠨ ᠬᠢᠴᠢᠶᠡᠯ ᠲᠦᠷᠦᠯ︾ ᠤᠨ ᠪᠠᠭᠰᠢ ᠶᠢᠨ ᠬᠡᠷᠡᠭᠴᠡᠭᠡ ᠱᠠᠭᠠᠷᠳᠠᠯᠭ᠎ᠠ ᠲᠠᠢ ᠵᠣᠯᠭᠠᠭᠤᠯᠵᠤ ᠲᠤᠰᠬᠠᠶ ᠲᠠᠯᠠᠪᠠᠢ ᠤᠷᠢᠵᠤ ᠡᠯᠰᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ︽ᠭᠤᠷᠪᠠᠨ ᠬᠢᠴᠢᠶᠡᠯ ᠲᠦᠷᠦᠯ︾ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠠᠵᠢᠯ ᠢ ᠴᠢᠩᠭᠠᠳᠬᠠᠬᠤ ᠶᠠᠪᠤᠳᠠᠯ ᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠪᠣᠳᠠᠲᠠᠶ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠶ᠃ ᠲᠠᠪᠤ ᠳᠤ᠂ ︽ᠤᠮᠠᠷᠠᠲᠤ ᠬᠢᠯᠢ ᠶᠢᠨ ᠠᠵᠢᠯ ᠣᠯᠭᠤᠬᠤ ᠰᠦᠯᠵᠢᠶ᠎ᠡ︾ ᠶᠢᠨ ᠲᠠᠪᠴᠠᠩ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ 2021 ᠣᠨ ᠤ ᠵᠢᠯ ᠤᠨ ᠰᠡᠭᠦᠯᠴᠢ ᠠᠴᠠ ᠡᠮᠦᠨ᠎ᠡ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠠᠯᠪᠤᠷᠢ ᠥᠷᠲᠡᠭᠡ ᠶᠢᠨ ᠪᠠᠶᠢᠭᠤᠯᠤᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠵᠢᠷᠭᠤᠭ᠎ᠠ ᠳᠤ᠂ ᠵᠢᠯᠣᠭᠤᠳᠤᠨ ᠦᠢᠯᠡᠴᠢᠯᠡᠬᠦ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠵᠦ᠂ ᠠᠵᠢᠯ ᠣᠯᠭᠤᠵᠤ ᠬᠥᠮᠦᠨ ᠬᠥᠮᠦᠵᠢᠭᠦᠯᠬᠦ ᠪᠣᠳᠠᠲᠤ ᠦᠷ᠎ᠡ ᠪᠦᠲᠦᠮᠵᠢ ᠶᠢ ᠴᠢᠩᠭᠠᠷᠠᠭᠤᠯᠤᠨ᠂ ᠠᠵᠢᠯ ᠣᠯᠭᠤᠬᠤ ᠵᠢᠯᠣᠭᠤᠳᠤᠯᠭ᠎ᠠ ᠶᠢᠨ ᠬᠢᠴᠢᠶᠡᠯ ᠤᠨ ᠰᠢᠰᠲ᠋ᠧᠮ ᠬᠢᠭᠡᠳ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠳᠣᠯᠤᠭ᠎ᠠ ᠳᠤ᠂ ᠲᠥᠷᠥᠯ ᠬᠤᠪᠢᠶᠠᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠭᠤᠤᠯᠳᠠᠯᠭ᠎ᠠ ᠲᠠᠢ ᠬᠥᠮᠦᠰ ᠢ ᠪᠦᠲᠦᠮᠵᠢᠲᠡᠶ ᠬᠠᠪᠰᠤᠷᠤᠨ ᠲᠡᠳᠬᠦᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠨᠠᠢᠮᠠ ᠳᠤ᠂ ᠴᠢᠳᠠᠪᠤᠷᠢᠲᠠᠨ ᠢ ᠬᠥᠮᠦᠵᠢᠭᠦᠯᠬᠦ ᠶᠠᠰᠤ ᠴᠢᠨᠠᠷ ᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠴᠦ ᠦᠢᠯᠡᠰ ᠪᠤᠰᠬᠠᠬᠤ ᠰᠤᠷᠭᠠᠨ ᠬᠥᠮᠦᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠶᠢᠰᠦ ᠳᠤ᠂ ᠠᠵᠢᠯ ᠣᠯᠭᠤᠬᠤ ᠦᠢᠯᠡᠰ ᠪᠣᠰᠬᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠤᠳᠤᠷᠢᠳᠬᠤ ᠪᠠᠶᠢᠭᠤᠯᠤᠮᠵᠢ ᠪᠣᠯᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠪᠠᠭᠰᠢ ᠰᠤᠷᠤᠭᠴᠢ 1᠄ 500 ᠶᠢᠨ ᠬᠠᠷᠢᠴᠠᠯ ᠢᠶᠠᠷ ᠲᠤᠰᠬᠠᠶ ᠠᠵᠢᠯ ᠤᠨ ᠠᠵᠢᠯᠲᠠᠨ ᠲᠣᠬᠢᠷᠠᠭᠤᠯᠬᠤ ᠬᠡᠷᠡᠭᠲᠡᠶ᠃ ᠠᠷᠪᠠ ᠳᠤ᠂ ᠠᠵᠢᠯ ᠣᠯᠭᠤᠯᠲᠠ ᠶᠢᠨ ᠲᠤᠭ᠎ᠠ ᠪᠦᠷᠢᠳᠬᠡᠯ ᠢ ᠴᠢᠩᠭ᠎ᠠ ᠵᠢᠷᠤᠮᠵᠢᠭᠤᠯᠵᠤ᠂ ᠲᠡᠭᠦᠰᠬᠦ ᠰᠤᠷᠤᠭᠴᠢᠳ ᠤᠨ ᠭᠦᠢᠴᠡᠳ ᠪᠦᠭᠡᠳ ᠴᠢᠨᠠᠷ ᠰᠠᠶᠢᠲᠠᠶ ᠠᠵᠢᠯ ᠤᠯᠬᠤ ᠶᠢ ᠠᠬᠢᠭᠤᠯᠬᠤ ᠬᠡᠷᠡᠭᠲᠡᠢ᠃    http://mongol.people.com.cn/15834523.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号