ᠡᠨᠡ ᠵᠢᠯ ᠠᠴᠠ ᠡᠬᠢᠯᠡᠨ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠨᠢᠭᠡᠳᠦᠯᠲᠡᠶ ᠪᠣᠯᠭᠠᠪᠠ
ᠨᠡᠶᠢᠲᠡᠯᠡᠭᠰᠡᠨ ᠴᠠᠭ᠄
2021/1/7
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠶᠠᠩ ᠵᠢᠩ ᠱᠤ᠋︶ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠣᠶᠢᠷ᠎ᠠ ᠳᠤ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠨᠡᠶᠢᠲᠡᠯᠡᠪᠡ᠂ ᠡᠭᠦᠨ ᠳᠤ᠂ 2021 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠬᠥᠬᠡᠬᠤᠲᠠ᠂ ᠪᠤᠭᠤᠲᠤ᠂ ᠣᠷᠳᠣᠰ᠂ ᠤᠯᠠᠭᠠᠨᠴᠠᠪ ᠬᠤᠲᠠ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ︵ᠳᠣᠷᠣᠭᠰᠢ ᠬᠦᠨᠳᠦ ᠡᠪᠡᠳᠴᠢᠨ ᠤ ᠳᠠᠭᠠᠳᠬᠠᠯ ᠭᠡᠵᠦ ᠲᠣᠪᠴᠢᠯᠠᠨ᠎ᠠ︶ ᠤᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠨᠢᠭᠡᠳᠦᠯᠳᠡᠢ ᠪᠤᠯᠭᠠᠨ᠎ᠠ ᠬᠡᠵᠦ ᠲᠤᠳᠤᠷᠬᠠᠢ ᠲᠤᠬᠳᠠᠭᠠᠵᠠᠢ᠃      ᠣᠶᠢᠯᠠᠭᠠᠭᠰᠠᠨ ᠢᠶᠠᠷ᠂ ᠪᠠᠯᠠ ᠴᠤᠭᠯᠠᠭᠤᠯᠬᠤ ᠪᠠᠷᠢᠮᠵᠢᠶ᠎ᠠ ᠶᠢ ᠨᠢᠭᠡᠳᠦᠯᠲᠡᠶ ᠪᠣᠯᠭᠠᠬᠤ ᠲᠠᠯ᠎ᠠ ᠪᠠᠷ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠬᠤᠳᠠ ᠨᠢ ᠭᠤᠷᠪᠠᠨ ᠵᠢᠯ ᠤᠨ ᠡᠮᠦᠨ᠎ᠡ ᠬᠦᠨᠳᠦ ᠡᠪᠡᠳᠴᠢᠨ ᠤ ᠳᠠᠭᠠᠳᠬᠠᠯ ᠤᠨ ᠪᠠᠯᠠ ᠴᠤᠭᠯᠠᠭᠤᠯᠬᠤ ᠶᠡᠷᠦᠩᠬᠡᠶ ᠲᠤᠭ᠎ᠠ᠂ ᠰᠠᠭᠤᠷᠢ ᠮᠥᠩᠭᠦᠨ ᠤ ᠵᠠᠷᠤᠯᠭ᠎ᠠ᠂ ᠰᠠᠭᠤᠷᠢ ᠮᠥᠩᠭᠦᠨ ᠤ ᠦᠯᠡᠳᠡᠪᠦᠷᠢ ᠵᠡᠷᠭᠡ ᠪᠠᠶᠢᠳᠠᠯ ᠢ ᠦᠨᠳᠦᠰᠦᠯᠡᠨ ᠪᠠᠯᠠ ᠴᠤᠭᠯᠠᠭᠤᠯᠬᠤ ᠪᠠᠷᠢᠮᠵᠢᠶ᠎ᠠ ᠶᠢ ᠲᠣᠭᠲᠠᠭᠠᠵᠤ᠂ 2021 ᠣᠨ ᠤ ᠬᠦᠨᠳᠦ ᠡᠪᠡᠳᠴᠢᠨ ᠤ ᠳᠠᠭᠠᠳᠬᠠᠯ ᠤᠨ ᠪᠠᠯᠠ ᠴᠤᠭᠯᠠᠭᠤᠯᠬᠤ ᠪᠠᠷᠢᠮᠵᠢᠶ᠎ᠠ ᠶᠢ ᠬᠥᠮᠦᠨ ᠪᠦᠷᠢ ᠳᠤ ᠵᠢᠯ ᠳᠤ 50 ᠲᠥᠭᠦᠷᠢᠭ ᠪᠣᠯᠭᠠᠪᠠ᠃ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠨᠢᠭᠡᠳᠦᠯᠳᠡᠢ ᠪᠤᠯᠭᠠᠬᠤ ᠲᠠᠯ᠎ᠠ ᠪᠠᠷ᠂ 2021 ᠣᠨ ᠤ ᠬᠦᠨᠳᠦ ᠡᠪᠡᠳᠴᠢᠨ ᠤ ᠳᠠᠭᠠᠳᠬᠠᠯ ᠤᠨ ᠵᠠᠷᠤᠳᠠᠯ ᠢ ᠡᠬᠢᠯᠡᠵᠦ ᠲᠤᠰᠢᠶᠠᠬᠤ ᠪᠠᠷᠢᠮᠵᠢᠶ᠎ᠠ ᠨᠢ ᠵᠢᠯ ᠳᠤ ᠬᠤᠪᠢ ᠬᠦᠮᠦᠨ ᠨᠡᠶᠢᠲᠡ 1.4 ᠲᠦᠮᠡᠨ ᠲᠥᠭᠦᠷᠢᠭ ᠡᠭᠦᠷᠭᠡᠯᠡᠬᠦ ᠪᠣᠯᠤᠨ᠎ᠠ︔ ᠳᠠᠭᠠᠳᠬᠠᠯ ᠳᠤ ᠣᠷᠣᠯᠴᠠᠭᠰᠠᠳ ᠤᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ︵ᠲᠥᠷᠥ ᠶᠢᠨ ᠪᠣᠳᠣᠯᠭ᠎ᠠ ᠳᠤ ᠨᠡᠶᠢᠴᠡᠬᠦ ᠣᠨᠴᠠᠭᠠᠢ ᠡᠪᠡᠳᠴᠢᠨ ᠤᠳᠠᠭᠠᠨ ᠴᠢᠨᠠᠷᠳᠠᠢ ᠡᠪᠡᠳᠴᠢᠨ ᠤ ᠡᠭᠦᠳᠡᠨ ᠡᠮᠨᠡᠯᠭᠡ ᠶᠢᠨ ᠵᠠᠷᠤᠳᠠᠯ ᠪᠠᠭᠲᠠᠨ᠎ᠠ︶ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢᠶᠠᠷ ᠲᠠᠩᠰᠠ ᠲᠠᠶᠢᠯᠤᠭᠰᠠᠨ ᠤ ᠳᠠᠷᠠᠭ᠎ᠠ᠂ ᠦᠯᠡᠳᠡᠭᠰᠡᠨ ᠬᠡᠰᠡᠭ ᠤᠨ ᠲᠣᠭᠲᠠᠭᠠᠯ ᠳᠤ ᠨᠡᠶᠢᠴᠡᠬᠦ ᠵᠠᠷᠤᠳᠠᠯ ᠤᠨ ᠡᠬᠢᠯᠡᠵᠦ ᠲᠤᠰᠢᠶᠠᠬᠤ ᠬᠡᠮᠵᠢᠶ᠎ᠡ ᠠᠴᠠ ᠬᠡᠲᠦᠷᠡᠭᠰᠡᠨ ᠬᠡᠰᠡᠭ ᠢ ᠬᠦᠨᠳᠦ ᠡᠪᠡᠳᠴᠢᠨ ᠤ ᠳᠠᠭᠠᠳᠬᠠᠯ ᠠᠴᠠ 60 % ᠶᠢᠨ ᠬᠠᠷᠢᠴᠠᠯ ᠢᠶᠠᠷ ᠥᠭᠭᠦᠨ᠎ᠡ︔ ᠲᠥᠷᠥ ᠶᠢᠨ ᠪᠣᠳᠣᠯᠭ᠎ᠠ ᠶᠢᠨ ᠬᠡᠪᠴᠢᠶᠡᠨ ᠲᠤᠳᠤᠷᠠᠬᠢ ᠵᠠᠷᠤᠳᠠᠯ ᠢ 100 % ᠪᠠᠷ ᠥᠭᠬᠦ ᠬᠡᠪᠴᠢᠶᠡᠨ ᠳᠤ ᠣᠷᠣᠭᠤᠯᠵᠤ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠠᠴᠠ ᠭᠠᠳᠠᠨᠠᠬᠢ ᠲᠣᠭᠲᠠᠭᠠᠯ ᠳᠤ ᠨᠡᠶᠢᠴᠡᠬᠦ ᠵᠠᠷᠤᠳᠠᠯ ᠢ 60 % ᠪᠠᠷ ᠥᠭᠬᠦ ᠬᠡᠪᠴᠢᠶᠡᠨ ᠳᠤ ᠣᠷᠣᠭᠤᠯᠵᠤ᠂ ᠭᠠᠷᠴᠠᠭ ᠠᠴᠠ ᠭᠠᠳᠠᠨᠠᠬᠢ ᠬᠡᠷᠡᠭᠯᠡᠬᠦ ᠡᠮ ᠪᠠ ᠣᠨᠣᠰᠢᠯᠠᠨ ᠡᠮᠨᠡᠬᠦ ᠵᠠᠷᠤᠳᠠᠯ ᠢ ᠪᠠᠭᠲᠠᠭᠠᠨ᠎ᠠ᠂ ᠪᠠᠷᠢᠮᠵᠢᠶ᠎ᠠ ᠠᠴᠠ ᠬᠡᠲᠦᠷᠡᠭᠰᠡᠨ ᠣᠷᠣ ᠶᠢᠨ ᠵᠠᠷᠤᠳᠠᠯ᠂ ᠲᠤᠰᠬᠠᠶ ᠮᠡᠷᠭᠡᠵᠢᠯᠲᠡᠨ ᠤ ᠵᠠᠷᠤᠳᠠᠯ᠂ ᠳᠤᠯᠠᠭᠠᠯᠠᠭ᠎ᠠ ᠶᠢᠨ ᠵᠠᠷᠤᠳᠠᠯ᠂ ᠬᠤᠭᠤᠯᠠᠨ ᠤ ᠵᠠᠷᠤᠳᠠᠯ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ᠂ ᠡᠪᠡᠳᠴᠢᠳᠠᠨ ᠳᠤ ᠪᠡᠷ᠎ᠡ ᠪᠤᠯᠵᠤ ᠬᠤᠨᠤᠬᠰᠠᠨ ᠵᠠᠷᠤᠳᠠᠯ᠂ ᠣᠨᠴᠠ ᠬᠡᠷᠡᠭᠰᠡᠬᠦ ᠵᠠᠷᠤᠳᠠᠯ ᠪᠠ ᠪᠤᠰᠤᠳ ᠡᠮᠴᠢᠯᠡᠭᠡᠨ ᠤ ᠪᠤᠰᠤ ᠵᠠᠷᠤᠯᠭ᠎ᠠ ᠶᠢ ᠪᠠᠭᠲᠠᠭᠠᠬᠤ ᠥᠬᠡᠶ︔ ᠬᠦᠨᠳᠦ ᠡᠪᠡᠳᠴᠢᠨ ᠤ ᠳᠠᠭᠠᠳᠬᠠᠯ ᠤᠨ ᠲᠤᠰᠢᠶᠠᠬᠤ ᠬᠠᠮᠤᠭ ᠥᠨᠳᠥᠷ ᠬᠢᠵᠠᠭᠠᠷ ᠲᠤᠭ᠎ᠠ ᠶᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠨ᠎ᠠ︔ ᠪᠦᠬᠦᠯᠢ 18 ᠨᠠᠰᠤᠨ ᠠᠴᠠ ᠳᠣᠷᠣᠭᠰᠢᠬᠢ ᠳᠠᠭᠠᠳᠬᠠᠯ ᠳᠤ ᠣᠷᠣᠯᠴᠠᠭᠰᠠᠳ ᠪᠠ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠲᠠᠩᠰᠠ ᠲᠠᠶᠢᠯᠬᠤ ᠬᠠᠷᠢᠴᠠᠯ ᠢ 5 ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠦᠨ᠎ᠡ ᠬᠡᠪᠡ᠃      ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠦᠨᠳᠦ ᠡᠪᠡᠳᠴᠢᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠨᠢᠭᠡᠳᠦᠯᠳᠡᠢ ᠪᠤᠯᠭᠠᠬᠤ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠰᠠᠶᠢᠳᠤᠷ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠬᠥᠬᠡᠨᠠᠭᠤᠷ᠂ ᠭᠠᠨᠰᠦ᠂ ᠨᠢᠩᠰᠢᠶᠠ᠂ ᠱᠠᠨᠳᠦ᠋ᠩ᠂ ᠾᠧᠨᠠᠨ ᠵᠡᠷᠭᠡ ᠭᠠᠵᠠᠷ ᠤᠨ ᠬᠦᠨᠳᠦ ᠡᠪᠡᠳᠴᠢᠨ ᠤ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠶ ᠲᠥᠯᠥᠪᠯᠡᠭᠰᠡᠨ ᠲᠤᠷᠰᠢᠯᠭ᠎ᠠ ᠶᠢ ᠲᠤᠯᠢᠯᠠᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠶᠢ ᠵᠣᠬᠢᠶᠠᠨ ᠪᠠᠶᠢᠭᠤᠯᠵᠤ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ ︵ᠰᠠᠨᠠᠯ ᠬᠤᠷᠢᠶᠠᠬᠤ ᠨᠣᠤᠷᠠᠭ︶︾ ᠢ  ᠲᠤᠭᠤᠷᠪᠢᠵᠠᠢ᠃ 12 ᠠᠶᠢᠮᠠᠭ ᠬᠤᠲᠠ ᠵᠢᠴᠢ ᠠᠰ ᠲᠠᠭᠠᠨ ᠲᠥᠯᠥᠪᠯᠡᠭᠡ ᠬᠢᠳᠡᠭ 2 ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠰᠠᠨᠠᠯ ᠢ ᠪᠢᠴᠢᠭ ᠢᠶᠠᠷ  ᠬᠤᠷᠢᠶᠠᠬᠰᠠᠨ ᠤ ᠬᠠᠮᠲᠤ᠂ 2020 ᠣᠨ ᠤ 11 ᠰᠠᠷ᠎ᠠ ᠶᠢᠨ 10 ᠤ ᠡᠳᠦᠷ ᠠᠴᠠ 11 ᠰᠠᠷ᠎ᠠ ᠶᠢᠨ 24 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠪᠠ︔ 11 ᠰᠠᠷ᠎ᠠ ᠶᠢᠨ 26 ᠤ ᠡᠳᠦᠷ᠂ ᠠᠶᠢᠮᠠᠭ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠪᠣᠯᠤᠨ ᠬᠠᠮᠢᠶ᠎ᠠ ᠪᠥᠬᠦᠶ ᠬᠥᠮᠦᠰ ᠢ ᠴᠤᠭᠯᠠᠭᠤᠯᠤᠨ ᠤᠯᠠᠭᠠᠨᠴᠠᠪ ᠬᠤᠲᠠ ᠳᠤ ᠳᠠᠬᠢᠨᠲᠠ ᠰᠤᠳᠤᠯᠤᠨ ᠶᠠᠷᠢᠯᠴᠠᠵᠤ᠂ ᠨᠡᠶᠢᠲᠡ 18 ᠵᠤᠷᠪᠤᠰ ᠵᠠᠰᠠᠪᠤᠷᠢ ᠣᠷᠣᠭᠤᠯᠬᠤ ᠰᠠᠨᠠᠯ ᠢ ᠬᠤᠷᠢᠶᠠᠨ ᠠᠪᠤᠭᠠᠳ 12 ᠵᠤᠷᠪᠤᠰ ᠢ ᠨᠢ ᠬᠡᠷᠡᠭᠯᠡᠭᠰᠡᠨ ᠤ ᠬᠠᠮᠲᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ︔ 12 ᠰᠠᠷ᠎ᠠ ᠶᠢᠨ 10 ᠤ ᠡᠳᠦᠷ᠂ ᠣᠷᠳᠣᠰ ᠬᠤᠲᠠ ᠳᠤ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ᠂ ᠣᠯᠠᠨ ᠲᠦᠮᠡᠨ ᠤ ᠲᠥᠯᠥᠭᠡᠯᠡᠭᠴᠢ ᠵᠢᠴᠢ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠴᠢᠨᠠᠬᠰᠢᠳᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ︔ 12 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ 39 ᠳ᠋ᠤᠭᠡᠷ ᠤᠳᠠᠭ᠎ᠠ ᠶᠢᠨ ᠲᠣᠪᠴᠢᠶ᠎ᠠ ᠶᠢᠨ ᠶᠠᠪᠤᠳᠠᠯ ᠤᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠪᠠ᠃http://mongol.people.com.cn/15834568.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号