ᠮᠠᠨ ᠤ ᠬᠤᠲᠠ 100 ᠬᠥᠮᠦᠨ ᠠᠴᠠ ᠳᠡᠭᠡᠭᠰᠢ ᠬᠠᠮᠲᠤ ᠶᠢᠨ ᠬᠤᠭᠤᠯᠠ ᠢᠳᠡᠬᠦ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠳᠡᠢ ᠬᠡᠵᠦ ᠱᠠᠭᠠᠷᠳᠠᠪᠠ
ᠨᠡᠶᠢᠲᠡᠯᠡᠭᠰᠡᠨ ᠴᠠᠭ᠄
2021/1/7
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠴᠢ ᠰᠢᠶᠤᠤ ᠶᠠᠨ︶ ᠰᠤᠷᠪᠤᠯᠵᠢᠯᠠᠭᠴᠢ ᠲᠦᠷᠦᠭᠦᠬᠡᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠢᠳᠡᠭᠡᠨ ᠤ ᠡᠵᠡᠩᠨᠡᠯᠲᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠥᠷᠭᠡᠨ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠶᠢᠷ᠎ᠠ ᠳᠤ ᠸᠢᠳᠢᠣ᠋ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠳᠠᠬᠢ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠬᠠᠮᠲᠤ ᠪᠠᠷ ᠬᠤᠭᠤᠯᠠ ᠢᠳᠡᠬᠦ ᠬᠢᠵᠢᠭ ᠢ ᠰᠡᠷᠭᠡᠶᠢᠯᠡᠨ ᠬᠤᠷᠢᠬᠯᠠᠬᠤ ᠪᠠ ᠢᠳᠡᠭᠡᠨ ᠤ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠳᠤᠷ ᠬᠢᠬᠦ ᠲᠤᠬᠠᠢ ᠲᠣᠬᠢᠷᠠᠭᠤᠯᠤᠯᠳᠡ ᠪᠠᠶᠢᠷᠢᠯᠠᠭᠤᠯᠤᠯᠳᠠ ᠬᠢᠪᠡ᠃ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢ 100 ᠬᠥᠮᠦᠨ ᠠᠴᠠ ᠳᠡᠭᠡᠭᠰᠢ ᠬᠠᠮᠲᠤ ᠶᠢᠨ ᠬᠤᠭᠤᠯᠠ ᠶᠢ ᠳᠠᠭᠠᠭᠠᠨ ᠠᠪᠬᠤ ᠳᠤ ᠬᠠᠷᠢᠶ᠎ᠠ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ ᠬᠡᠵᠦ ᠱᠠᠭᠠᠷᠳᠠᠪᠠ᠃      ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ᠂ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠢᠳᠡᠭᠡᠨ ᠤᠮᠳᠠᠭᠠᠨ ᠤ ᠠᠵᠤ ᠠᠬᠤᠶᠢᠯᠠᠯ ᠨᠢ ᠪᠠᠶᠠᠷ ᠤᠨ ᠡᠳᠦᠷ ᠤᠨ ᠬᠤᠭᠤᠴᠠᠭᠠᠨ ᠳᠠᠬᠢ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠬᠢᠵᠢᠭ ᠢ ᠰᠡᠷᠭᠡᠶᠢᠯᠡᠨ ᠬᠤᠷᠢᠬᠯᠠᠬᠤ ᠪᠠ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠴᠢᠬᠤᠯᠠ ᠴᠢᠨᠠᠷ ᠪᠣᠯᠤᠨ ᠲᠤᠯᠭᠠᠮ ᠴᠢᠨᠠᠷ ᠢ ᠬᠦᠢᠴᠡᠳ ᠲᠠᠨᠢᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠣᠯᠤᠨ ᠬᠢᠵᠢᠭ ᠢ ᠰᠡᠷᠭᠡᠶᠢᠯᠡᠨ ᠬᠤᠷᠢᠬᠯᠠᠬᠤ ᠬᠤᠤᠰ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠬᠤ ᠬᠡᠷᠡᠭᠲᠡᠶ᠃ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠨᠢ 100 ᠬᠥᠮᠦᠨ ᠠᠴᠠ ᠳᠡᠭᠡᠭᠰᠢ ᠬᠠᠮᠲᠤ ᠶᠢᠨ ᠬᠤᠭᠤᠯᠠ ︵ᠬᠤᠷᠢᠮ ᠪᠡᠯᠪᠡᠰᠦᠷᠡᠯ ᠤᠨ ᠨᠠᠶᠢᠷ᠂ ᠲᠥᠷᠥᠭᠰᠡᠨ ᠡᠳᠦᠷ ᠤᠨ ᠨᠠᠶᠢᠷ᠂ ᠬᠤᠷᠠᠯ ᠴᠤᠭᠯᠠᠭᠠᠨ ᠨᠠᠶᠢᠷ ᠵᠡᠷᠭᠡ ᠪᠠᠭᠲᠠᠨ᠎ᠠ︶ ᠶᠢ ᠳᠠᠭᠠᠭᠠᠨ ᠠᠪᠬᠤ ᠳᠤ᠂ ᠬᠥᠳᠡᠭᠡ ᠲᠣᠰᠬᠤᠨ ᠤ ᠬᠠᠮᠲᠤ ᠶᠢᠨ ᠬᠤᠭᠤᠯᠠ ᠶᠢᠨ ᠦᠢᠯᠡᠴᠢᠯᠡᠭᠡᠨ ᠤ ᠠᠩᠭᠢ ᠨᠢ 40 ᠬᠥᠮᠦᠨ ᠠᠴᠠ ᠳᠡᠭᠡᠭᠰᠢ ᠬᠠᠮᠲᠤ ᠪᠠᠷ ᠬᠤᠭᠤᠯᠠ ᠢᠳᠡᠬᠦ‍ ᠨᠢᠭᠡ ᠤᠳᠠᠭ᠎ᠠ ᠶᠢᠨ ᠴᠢᠨᠠᠷᠲᠠᠶ ᠠᠵᠢᠯᠯᠠᠭ᠎ᠠ ᠶᠢ ᠳᠠᠭᠠᠭᠠᠨ ᠠᠪᠬᠤ ᠳᠤ ᠬᠠᠷᠢᠶ᠎ᠠ ᠭᠠᠵᠠᠷ ᠤᠨ ᠢᠶᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ᠂ ᠬᠥᠳᠡᠭᠡ ᠲᠣᠰᠬᠤᠨ ᠤ ᠬᠠᠮᠲᠤ ᠶᠢᠨ ᠬᠤᠭᠤᠯᠠᠨ ᠤ ᠦᠢᠯᠡᠴᠢᠯᠡᠭᠡᠨ ᠤ ᠠᠩᠬᠢ ᠨᠢ ᠡᠷᠬᠢᠯᠡᠬᠦ ᠲᠠᠯ᠎ᠠ ᠶᠢᠨ ᠬᠢᠨ ᠲᠠᠢ ᠬᠢᠵᠢᠭ ᠢ ᠰᠡᠷᠭᠡᠶᠢᠯᠡᠨ ᠬᠤᠷᠢᠬᠯᠠᠬᠤ ᠠᠮᠠᠯᠠᠯᠲᠠ ᠶᠢᠨ ᠪᠢᠴᠢᠭ ᠲᠣᠭᠲᠠᠵᠤ᠂ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠢ ᠡᠬᠢ ᠡᠭᠦᠰᠦᠯ ᠠᠴᠠ ᠨᠢ ᠰᠠᠶᠢᠲᠤᠷ ᠬᠢᠬᠦ ᠬᠡᠷᠡᠭᠲᠡᠢ᠃  ᠴᠢᠭᠯᠡᠬᠦᠯᠦᠯᠳᠦ ᠴᠢᠨᠡᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠤᠨ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠥᠰᠦᠯ ᠲᠣᠭᠲᠠᠭᠠᠵᠤ᠂ ᠲᠠᠯᠠᠪᠠᠢ ᠳᠤ ᠣᠷᠣᠬᠤ ᠵᠣᠴᠢᠳ ᠤᠨ ᠪᠡᠶ᠎ᠡ ᠶᠢᠨ ᠬᠠᠯᠠᠭᠤᠨ ᠢ ᠬᠡᠮᠵᠢᠬᠦ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠨᠡᠶᠢᠲᠡ ᠶᠢᠨ ᠰᠠᠪᠬ᠎ᠠ ᠨᠡᠶᠢᠳᠡ ᠶᠢᠨ ᠰᠢᠨᠠᠭ᠎ᠠ ᠨᠡᠶᠢᠲᠡ ᠶᠢᠨ ᠬᠠᠪᠴᠢᠭᠤᠷ ᠢ ᠬᠡᠷᠡᠭᠯᠡᠬᠦ ᠡᠷᠴᠢᠮ ᠢ ᠴᠢᠩᠭᠠᠷᠠᠭᠤᠯᠬᠤ ᠬᠡᠷᠡᠭᠳᠡᠢ᠃ ᠡᠷᠬᠢᠯᠡᠬᠦ ᠲᠠᠯ᠎ᠠ ᠶᠢᠨ ᠬᠢᠨ ᠤ ᠵᠦᠢ ᠵᠣᠬᠢᠰᠲᠠᠶ ᠬᠤᠭᠤᠯᠠ ᠵᠠᠬᠢᠶᠠᠯᠠᠬᠤ᠂ ᠰᠢᠨᠵᠢᠯᠡᠬᠦ ᠤᠬᠠᠭᠠᠨᠴᠢ ᠪᠠᠷ ᠬᠤᠭᠤᠯᠠ ᠵᠠᠬᠢᠶᠠᠯᠠᠬᠤ ᠶᠢ ᠬᠥᠲᠥᠯᠥᠨ ᠵᠢᠯᠣᠭᠤᠳᠴᠤ᠂ ᠪᠦᠷᠢᠯᠭᠡᠨ ᠰᠦᠢᠳᠬᠡᠬᠦ ᠶᠢ ᠲᠡᠪᠴᠢᠨ᠂ ᠲᠣᠭᠤᠭᠠᠨ ᠭᠡᠷ ᠤᠨ ᠦᠯᠡᠳᠡᠪᠦᠷᠢ ᠬᠤᠭ ᠨᠣᠪᠰᠢ ᠶᠢ ᠪᠠᠭᠠᠰᠬᠠᠬᠤ ᠬᠡᠷᠡᠭᠳᠡᠢ᠃ ᠭᠠᠳᠠᠭᠠᠳᠤ ᠠᠴᠠ ᠣᠷᠣᠭᠤᠯᠬᠤ ᠬᠦᠢᠳᠡᠨ ᠢᠶᠠᠷ ᠬᠠᠳᠠᠭᠠᠯᠠᠬᠤ ᠬᠡᠯᠬᠢᠶᠡᠲᠦ ᠢᠳᠡᠭᠡᠨ ᠤ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠹᠧᠨᠲ᠋ᠢᠶᠤᠤᠷ ᠤᠨ ᠪᠦᠳᠦᠭᠡᠭᠳᠡᠬᠦᠨ ᠣᠷᠣᠭᠤᠯᠬᠤ ᠪᠣᠭᠤᠮᠲᠠ ᠶᠢ ᠴᠢᠩᠭ᠎ᠠ ᠠᠳᠬᠤᠨ᠂ ᠨᠦᠸᠧ ᠷᠦ᠋ ᠸᠢᠷᠦ᠋ᠰ ᠤᠨ ᠬᠠᠯᠳᠠᠪᠤᠷᠢᠯᠠᠯ ᠢ ᠴᠢᠩᠭ᠎ᠠ ᠰᠡᠷᠭᠡᠶᠢᠯᠡᠵᠦ᠂ ᠲᠦᠭᠦᠬᠡᠶ ᠮᠠᠲ᠋ᠧᠷᠢᠶᠠᠯ ᠤᠨ ᠬᠡᠷᠡᠭᠯᠡᠯᠲᠡ ᠶᠢ ᠴᠢᠩᠭ᠎ᠠ ᠬᠢᠵᠠᠭᠠᠷᠯᠠᠨ᠂ ︽ᠢᠳᠡᠭᠡᠨ ᠤᠮᠳᠠᠭᠠᠨ ᠤ ᠦᠢᠯᠡᠴᠢᠯᠡᠭᠡ ᠶᠢᠨ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ︾ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠳᠡᠢ᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠢᠳᠡᠭᠡᠨ ᠤᠮᠳᠠᠭᠠᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠤᠬᠢᠶᠠᠵᠤ ᠠᠷᠢᠭᠤᠳᠬᠠᠬᠤ ᠪᠡᠯᠡᠳᠬᠡᠮᠵᠢ ᠲᠦᠭᠦᠭᠡᠷᠦᠮᠵᠢ᠂ ᠦᠨᠡᠮᠯᠡᠯ ᠪᠠ ᠫᠢᠶᠣᠣ ᠪᠠᠷᠢᠮᠲᠠ ᠠᠪᠬᠤ᠂ ᠡᠳ᠋ᠰᠢᠭᠦᠯᠦᠨ ᠪᠣᠯᠪᠠᠰᠤᠷᠠᠭᠤᠯᠬᠤ ᠠᠵᠢᠯᠯᠠᠭ᠎ᠠ᠂ ᠠᠵᠢᠯᠲᠠᠨ ᠤ ᠡᠷᠡᠭᠦᠯ ᠮᠡᠨᠳᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃ ᠪᠠᠶᠢᠴᠠᠭᠠᠵᠤ ᠭᠠᠷᠭᠠᠭᠰᠠᠨ ᠠᠰᠠᠭᠤᠳᠠᠯ ᠪᠤᠶᠤ ᠳᠠᠯᠳᠠ ᠭᠡᠮ ᠢ ᠪᠦᠬᠦ ᠲᠠᠯ᠎ᠠ ᠪᠠᠷ ᠰᠢᠪᠠᠳᠠᠨ ᠪᠠᠶᠢᠴᠠᠭᠠᠵᠤ ᠰᠢᠪᠠᠳᠠᠨ ᠭᠦᠢᠴᠡᠳᠬᠡᠯᠭᠡᠵᠦ᠂ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠬᠡᠵᠦ ᠱᠠᠭᠠᠷᠳᠠᠵᠠᠢ᠃http://mongol.people.com.cn/15834571.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ