ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠶᠠᠩ ᠵᠢᠩ ᠱᠤ᠋︶ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ | ᠪᠠᠲᠤᠯᠠᠭ᠎ᠠ ᠶᠢᠨ ᠲᠣᠪᠴᠢᠶ᠎ᠠ ᠣᠶᠢᠷ᠎ᠠ ᠳᠤ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ | ᠡᠪᠡᠳᠴᠢᠨ ᠤ ᠳᠠᠭᠠᠳᠬᠠᠯ ᠤᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠨᠡᠶᠢᠲᠡᠯᠡᠪᠡ᠂ ᠡᠭᠦᠨ ᠳᠤ᠂ 2021 ᠣᠨ ᠤ 1 ᠰᠠᠷ᠎ᠠ ᠶᠢᠨ 1 ᠤ | ᠡᠳᠦᠷ ᠠᠴᠠ ᠡᠬᠢᠯᠡᠨ᠂ ᠬᠥᠬᠡᠬᠤᠲᠠ᠂ ᠪᠤᠭᠤᠲᠤ᠂ ᠣᠷᠳᠣᠰ᠂ ᠤᠯᠠᠭᠠᠨᠴᠠᠪ ᠬᠤᠲᠠ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ | ᠡᠪᠡᠳᠴᠢᠨ ᠤ ᠳᠠᠭᠠᠳᠬᠠᠯ ︵ᠳᠣᠷᠣᠭᠰᠢ ᠬᠦᠨᠳᠦ ᠡᠪᠡᠳᠴᠢᠨ ᠤ ᠳᠠᠭᠠᠳᠬᠠᠯ ᠭᠡᠵᠦ ᠲᠣᠪᠴᠢᠯᠠᠨ᠎ᠠ︶ ᠤᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ | ᠨᠢᠭᠡᠳᠦᠯᠳᠡᠢ ᠪᠤᠯᠭᠠᠨ᠎ᠠ ᠬᠡᠵᠦ ᠲᠤᠳᠤᠷᠬᠠᠢ ᠲᠤᠬᠳᠠᠭᠠᠵᠠᠢ᠃ | ᠣᠶᠢᠯᠠᠭᠠᠭᠰᠠᠨ ᠢᠶᠠᠷ᠂ ᠪᠠᠯᠠ ᠴᠤᠭᠯᠠᠭᠤᠯᠬᠤ ᠪᠠᠷᠢᠮᠵᠢᠶ᠎ᠠ ᠶᠢ ᠨᠢᠭᠡᠳᠦᠯᠲᠡᠶ ᠪᠣᠯᠭᠠᠬᠤ ᠲᠠᠯ᠎ᠠ ᠪᠠᠷ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ | ᠬᠤᠳᠠ ᠨᠢ ᠭᠤᠷᠪᠠᠨ ᠵᠢᠯ ᠤᠨ ᠡᠮᠦᠨ᠎ᠡ ᠬᠦᠨᠳᠦ ᠡᠪᠡᠳᠴᠢᠨ ᠤ ᠳᠠᠭᠠᠳᠬᠠᠯ ᠤᠨ ᠪᠠᠯᠠ ᠴᠤᠭᠯᠠᠭᠤᠯᠬᠤ ᠶᠡᠷᠦᠩᠬᠡᠶ ᠲᠤᠭ᠎ᠠ᠂ ᠰᠠᠭᠤᠷᠢ ᠮᠥᠩᠭᠦᠨ ᠤ ᠵᠠᠷᠤᠯᠭ᠎ᠠ᠂ | ᠰᠠᠭᠤᠷᠢ ᠮᠥᠩᠭᠦᠨ ᠤ ᠦᠯᠡᠳᠡᠪᠦᠷᠢ ᠵᠡᠷᠭᠡ ᠪᠠᠶᠢᠳᠠᠯ ᠢ ᠦᠨᠳᠦᠰᠦᠯᠡᠨ ᠪᠠᠯᠠ ᠴᠤᠭᠯᠠᠭᠤᠯᠬᠤ ᠪᠠᠷᠢᠮᠵᠢᠶ᠎ᠠ ᠶᠢ ᠲᠣᠭᠲᠠᠭᠠᠵᠤ᠂ 2021 ᠣᠨ ᠤ ᠬᠦᠨᠳᠦ | ᠡᠪᠡᠳᠴᠢᠨ ᠤ ᠳᠠᠭᠠᠳᠬᠠᠯ ᠤᠨ ᠪᠠᠯᠠ ᠴᠤᠭᠯᠠᠭᠤᠯᠬᠤ ᠪᠠᠷᠢᠮᠵᠢᠶ᠎ᠠ ᠶᠢ ᠬᠥᠮᠦᠨ ᠪᠦᠷᠢ ᠳᠤ ᠵᠢᠯ ᠳᠤ 50 ᠲᠥᠭᠦᠷᠢᠭ ᠪᠣᠯᠭᠠᠪᠠ᠃ ᠲᠥᠷᠥ ᠶᠢᠨ ᠪᠣᠳᠣᠯᠭ᠎ᠠ ᠶᠢᠨ | ᠪᠠᠷᠢᠮᠵᠢᠶ᠎ᠠ ᠶᠢ ᠨᠢᠭᠡᠳᠦᠯᠳᠡᠢ ᠪᠤᠯᠭᠠᠬᠤ ᠲᠠᠯ᠎ᠠ ᠪᠠᠷ᠂ 2021 ᠣᠨ ᠤ ᠬᠦᠨᠳᠦ ᠡᠪᠡᠳᠴᠢᠨ ᠤ ᠳᠠᠭᠠᠳᠬᠠᠯ ᠤᠨ ᠵᠠᠷᠤᠳᠠᠯ ᠢ ᠡᠬᠢᠯᠡᠵᠦ ᠲᠤᠰᠢᠶᠠᠬᠤ | ᠪᠠᠷᠢᠮᠵᠢᠶ᠎ᠠ ᠨᠢ ᠵᠢᠯ ᠳᠤ ᠬᠤᠪᠢ ᠬᠦᠮᠦᠨ ᠨᠡᠶᠢᠲᠡ 1.4 ᠲᠦᠮᠡᠨ ᠲᠥᠭᠦᠷᠢᠭ ᠡᠭᠦᠷᠭᠡᠯᠡᠬᠦ ᠪᠣᠯᠤᠨ᠎ᠠ︔ ᠳᠠᠭᠠᠳᠬᠠᠯ ᠳᠤ ᠣᠷᠣᠯᠴᠠᠭᠰᠠᠳ ᠤᠨ ᠡᠮᠨᠡᠯᠭᠡ ᠳᠤ | ᠰᠠᠭᠤᠭᠰᠠᠨ ᠡᠮᠴᠢᠯᠡᠭᠡᠨ ᠤ ᠵᠠᠷᠤᠳᠠᠯ ︵ᠲᠥᠷᠥ ᠶᠢᠨ ᠪᠣᠳᠣᠯᠭ᠎ᠠ ᠳᠤ ᠨᠡᠶᠢᠴᠡᠬᠦ ᠣᠨᠴᠠᠭᠠᠢ ᠡᠪᠡᠳᠴᠢᠨ ᠤᠳᠠᠭᠠᠨ ᠴᠢᠨᠠᠷᠳᠠᠢ ᠡᠪᠡᠳᠴᠢᠨ ᠤ ᠡᠭᠦᠳᠡᠨ | ᠡᠮᠨᠡᠯᠭᠡ ᠶᠢᠨ ᠵᠠᠷᠤᠳᠠᠯ ᠪᠠᠭᠲᠠᠨ᠎ᠠ︶ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢᠶᠠᠷ ᠲᠠᠩᠰᠠ ᠲᠠᠶᠢᠯᠤᠭᠰᠠᠨ ᠤ ᠳᠠᠷᠠᠭ᠎ᠠ᠂ ᠦᠯᠡᠳᠡᠭᠰᠡᠨ ᠬᠡᠰᠡᠭ ᠤᠨ | ᠲᠣᠭᠲᠠᠭᠠᠯ ᠳᠤ ᠨᠡᠶᠢᠴᠡᠬᠦ ᠵᠠᠷᠤᠳᠠᠯ ᠤᠨ ᠡᠬᠢᠯᠡᠵᠦ ᠲᠤᠰᠢᠶᠠᠬᠤ ᠬᠡᠮᠵᠢᠶ᠎ᠡ ᠠᠴᠠ ᠬᠡᠲᠦᠷᠡᠭᠰᠡᠨ ᠬᠡᠰᠡᠭ ᠢ ᠬᠦᠨᠳᠦ ᠡᠪᠡᠳᠴᠢᠨ ᠤ ᠳᠠᠭᠠᠳᠬᠠᠯ ᠠᠴᠠ 60 % ᠶᠢᠨ | ᠬᠠᠷᠢᠴᠠᠯ ᠢᠶᠠᠷ ᠥᠭᠭᠦᠨ᠎ᠡ︔ ᠲᠥᠷᠥ ᠶᠢᠨ ᠪᠣᠳᠣᠯᠭ᠎ᠠ ᠶᠢᠨ ᠬᠡᠪᠴᠢᠶᠡᠨ ᠲᠤᠳᠤᠷᠠᠬᠢ ᠵᠠᠷᠤᠳᠠᠯ ᠢ 100 % ᠪᠠᠷ ᠥᠭᠬᠦ ᠬᠡᠪᠴᠢᠶᠡᠨ ᠳᠤ ᠣᠷᠣᠭᠤᠯᠵᠤ᠂ | ᠲᠥᠷᠥ ᠶᠢᠨ ᠪᠣᠳᠣᠯᠭ᠎ᠠ ᠶᠢᠨ ᠬᠡᠪᠴᠢᠶᠡᠨ ᠠᠴᠠ ᠭᠠᠳᠠᠨᠠᠬᠢ ᠲᠣᠭᠲᠠᠭᠠᠯ ᠳᠤ ᠨᠡᠶᠢᠴᠡᠬᠦ ᠵᠠᠷᠤᠳᠠᠯ ᠢ 60 % ᠪᠠᠷ ᠥᠭᠬᠦ ᠬᠡᠪᠴᠢᠶᠡᠨ ᠳᠤ ᠣᠷᠣᠭᠤᠯᠵᠤ᠂ | ᠭᠠᠷᠴᠠᠭ ᠠᠴᠠ ᠭᠠᠳᠠᠨᠠᠬᠢ ᠬᠡᠷᠡᠭᠯᠡᠬᠦ ᠡᠮ ᠪᠠ ᠣᠨᠣᠰᠢᠯᠠᠨ ᠡᠮᠨᠡᠬᠦ ᠵᠠᠷᠤᠳᠠᠯ ᠢ ᠪᠠᠭᠲᠠᠭᠠᠨ᠎ᠠ᠂ ᠪᠠᠷᠢᠮᠵᠢᠶ᠎ᠠ ᠠᠴᠠ ᠬᠡᠲᠦᠷᠡᠭᠰᠡᠨ ᠣᠷᠣ ᠶᠢᠨ ᠵᠠᠷᠤᠳᠠᠯ᠂ ᠲᠤᠰᠬᠠᠶ | ᠮᠡᠷᠭᠡᠵᠢᠯᠲᠡᠨ ᠤ ᠵᠠᠷᠤᠳᠠᠯ᠂ ᠳᠤᠯᠠᠭᠠᠯᠠᠭ᠎ᠠ ᠶᠢᠨ ᠵᠠᠷᠤᠳᠠᠯ᠂ ᠬᠤᠭᠤᠯᠠᠨ ᠤ ᠵᠠᠷᠤᠳᠠᠯ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ᠂ | ᠡᠪᠡᠳᠴᠢᠳᠠᠨ ᠳᠤ ᠪᠡᠷ᠎ᠡ ᠪᠤᠯᠵᠤ ᠬᠤᠨᠤᠬᠰᠠᠨ ᠵᠠᠷᠤᠳᠠᠯ᠂ ᠣᠨᠴᠠ ᠬᠡᠷᠡᠭᠰᠡᠬᠦ ᠵᠠᠷᠤᠳᠠᠯ ᠪᠠ ᠪᠤᠰᠤᠳ ᠡᠮᠴᠢᠯᠡᠭᠡᠨ ᠤ ᠪᠤᠰᠤ ᠵᠠᠷᠤᠯᠭ᠎ᠠ ᠶᠢ ᠪᠠᠭᠲᠠᠭᠠᠬᠤ ᠥᠬᠡᠶ︔ | ᠬᠦᠨᠳᠦ ᠡᠪᠡᠳᠴᠢᠨ ᠤ ᠳᠠᠭᠠᠳᠬᠠᠯ ᠤᠨ ᠲᠤᠰᠢᠶᠠᠬᠤ ᠬᠠᠮᠤᠭ ᠥᠨᠳᠥᠷ ᠬᠢᠵᠠᠭᠠᠷ ᠲᠤᠭ᠎ᠠ ᠶᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠨ᠎ᠠ︔ ᠪᠦᠬᠦᠯᠢ 18 | ᠨᠠᠰᠤᠨ ᠠᠴᠠ ᠳᠣᠷᠣᠭᠰᠢᠬᠢ ᠳᠠᠭᠠᠳᠬᠠᠯ ᠳᠤ ᠣᠷᠣᠯᠴᠠᠭᠰᠠᠳ ᠪᠠ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠲᠠᠩᠰᠠ ᠲᠠᠶᠢᠯᠬᠤ ᠬᠠᠷᠢᠴᠠᠯ ᠢ 5 ᠵᠠᠭᠤᠨ ᠤ | ᠬᠤᠪᠢ ᠶᠢᠨ ᠴᠡᠭ ᠳᠡᠭᠡᠭᠰᠢᠯᠡᠭᠦᠯᠦᠨ᠎ᠡ ᠬᠡᠪᠡ᠃ | ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠦᠨᠳᠦ ᠡᠪᠡᠳᠴᠢᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠨᠢᠭᠡᠳᠦᠯᠳᠡᠢ | ᠪᠤᠯᠭᠠᠬᠤ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠰᠠᠶᠢᠳᠤᠷ ᠪᠠᠶᠢᠴᠠᠭᠠᠨ ᠰᠤᠳᠤᠯᠤᠯᠲᠠ ᠬᠢᠭᠰᠡᠨ | ᠰᠠᠭᠤᠷᠢᠨ ᠳᠡᠭᠡᠷ᠎ᠡ᠂ ᠬᠥᠬᠡᠨᠠᠭᠤᠷ᠂ ᠭᠠᠨᠰᠦ᠂ ᠨᠢᠩᠰᠢᠶᠠ᠂ ᠱᠠᠨᠳᠦ᠋ᠩ᠂ ᠾᠧᠨᠠᠨ ᠵᠡᠷᠭᠡ ᠭᠠᠵᠠᠷ ᠤᠨ ᠬᠦᠨᠳᠦ ᠡᠪᠡᠳᠴᠢᠨ ᠤ ᠳᠠᠭᠠᠳᠬᠠᠯ ᠢ ᠮᠤᠵᠢ ᠶᠢᠨ | ᠱᠠᠲᠤᠨ ᠳᠤ ᠨᠢᠭᠡᠳᠦᠯᠲᠡᠶ ᠲᠥᠯᠥᠪᠯᠡᠭᠰᠡᠨ ᠲᠤᠷᠰᠢᠯᠭ᠎ᠠ ᠶᠢ ᠲᠤᠯᠢᠯᠠᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠶᠢ ᠵᠣᠬᠢᠶᠠᠨ | ᠪᠠᠶᠢᠭᠤᠯᠵᠤ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ | ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ ︵ᠰᠠᠨᠠᠯ ᠬᠤᠷᠢᠶᠠᠬᠤ ᠨᠣᠤᠷᠠᠭ︶︾ ᠢ ᠲᠤᠭᠤᠷᠪᠢᠵᠠᠢ᠃ 12 ᠠᠶᠢᠮᠠᠭ ᠬᠤᠲᠠ ᠵᠢᠴᠢ ᠠᠰ ᠲᠠᠭᠠᠨ ᠲᠥᠯᠥᠪᠯᠡᠭᠡ | ᠬᠢᠳᠡᠭ 2 ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠰᠠᠨᠠᠯ ᠢ ᠪᠢᠴᠢᠭ ᠢᠶᠠᠷ ᠬᠤᠷᠢᠶᠠᠬᠰᠠᠨ ᠤ ᠬᠠᠮᠲᠤ᠂ 2020 ᠣᠨ ᠤ 11 | ᠰᠠᠷ᠎ᠠ ᠶᠢᠨ 10 ᠤ ᠡᠳᠦᠷ ᠠᠴᠠ 11 ᠰᠠᠷ᠎ᠠ ᠶᠢᠨ 24 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠤ ᠪᠠᠲᠤᠯᠠᠭ᠎ᠠ ᠶᠢᠨ | ᠲᠣᠪᠴᠢᠶ᠎ᠠ ᠶᠢᠨ ᠠᠯᠪᠠᠨ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠪᠠ︔ 11 ᠰᠠᠷ᠎ᠠ ᠶᠢᠨ 26 ᠤ ᠡᠳᠦᠷ᠂ ᠠᠶᠢᠮᠠᠭ | ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠪᠣᠯᠤᠨ ᠬᠠᠮᠢᠶ᠎ᠠ ᠪᠥᠬᠦᠶ ᠬᠥᠮᠦᠰ ᠢ ᠴᠤᠭᠯᠠᠭᠤᠯᠤᠨ | ᠤᠯᠠᠭᠠᠨᠴᠠᠪ ᠬᠤᠲᠠ ᠳᠤ ᠳᠠᠬᠢᠨᠲᠠ ᠰᠤᠳᠤᠯᠤᠨ ᠶᠠᠷᠢᠯᠴᠠᠵᠤ᠂ ᠨᠡᠶᠢᠲᠡ 18 ᠵᠤᠷᠪᠤᠰ ᠵᠠᠰᠠᠪᠤᠷᠢ ᠣᠷᠣᠭᠤᠯᠬᠤ ᠰᠠᠨᠠᠯ ᠢ ᠬᠤᠷᠢᠶᠠᠨ ᠠᠪᠤᠭᠠᠳ 12 | ᠵᠤᠷᠪᠤᠰ ᠢ ᠨᠢ ᠬᠡᠷᠡᠭᠯᠡᠭᠰᠡᠨ ᠤ ᠬᠠᠮᠲᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ︔ 12 ᠰᠠᠷ᠎ᠠ ᠶᠢᠨ 10 ᠤ ᠡᠳᠦᠷ᠂ ᠣᠷᠳᠣᠰ ᠬᠤᠲᠠ ᠳᠤ ᠭᠡᠷᠡᠴᠢᠯᠡᠭᠡ | ᠰᠣᠨᠣᠰᠬᠤ ᠬᠤᠷᠠᠯ ᠬᠤᠷᠠᠯᠳᠤᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ᠂ ᠣᠯᠠᠨ ᠲᠦᠮᠡᠨ ᠤ ᠲᠥᠯᠥᠭᠡᠯᠡᠭᠴᠢ ᠵᠢᠴᠢ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ | ᠮᠥᠴᠢᠷ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠴᠢᠨᠠᠬᠰᠢᠳᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ︔ 12 ᠰᠠᠷ᠎ᠠ ᠶᠢᠨ 23 ᠤ | ᠡᠳᠦᠷ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ 39 ᠳ᠋ᠤᠭᠡᠷ ᠤᠳᠠᠭ᠎ᠠ ᠶᠢᠨ ᠲᠣᠪᠴᠢᠶ᠎ᠠ ᠶᠢᠨ ᠶᠠᠪᠤᠳᠠᠯ ᠤᠨ | ᠬᠤᠷᠠᠯ ᠢᠶᠠᠷ ᠬᠢᠨᠠᠨ ᠵᠥᠪᠯᠡᠵᠦ ᠪᠠᠲᠤᠯᠠᠪᠠ᠃ | http://mongol.people.com.cn/15834568.html |